ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠤᠭᠤᠷᠢᠭ ᠤᠨ  ᠬᠤᠷᠢᠶ᠎ᠠ ᠶᠢᠨ 2023 ᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/9
705470.jpg
     3 ᠰᠠᠷ᠎ᠠ ᠶᠢᠨ 8᠎ ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ  ᠲᠤᠭᠤᠷᠢᠭ ᠤᠨ ᠬᠤᠷᠢᠶ᠎ᠠ ᠶᠢᠨ 2023 ᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠪᠠ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃       ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠨᠡᠶᠢᠲᠡᠯᠡᠭᠰᠡᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠵᠢᠨ‌ᠬᠠᠮᠲᠤ  ᠨᠠᠶᠢᠳᠠᠪᠤᠷᠢᠵᠢᠭᠤᠯᠬᠤ ᠰᠠᠨᠠᠯ ᠳᠤᠷᠠᠳᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠮᠠᠨ ᠤ ᠲᠤᠭᠤᠷᠢᠭ ᠲᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠠᠬᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ᠃     ᠬᠤᠷᠠᠯ ᠠᠴᠠ ᠳᠡᠭᠡᠳᠦ ᠱᠠᠲᠤᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ‌ᠨᠠᠶᠢᠳᠠᠪᠤᠷᠢᠵᠢᠭᠤᠯᠬᠤ ᠰᠠᠨᠠᠯ ᠳᠤᠷᠠᠳᠴᠤ᠂ ᠬᠤᠯᠪᠣᠭᠳᠠᠯ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃    ᠬᠤᠷᠠᠯ ᠠᠴᠠ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠎ ᠎ ᠲᠠᠢ ᠬᠢᠨᠠᠮᠠᠭᠠᠢ ᠬᠠᠷᠢᠴᠠᠭᠤᠯᠵᠤ᠂ ᠡᠯ᠎ᠡ ᠬᠦᠷᠢᠶᠡᠨ ᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠤᠷᠠᠯ ᠤᠨ ᠵᠣᠷᠢᠭ ᠰᠠᠨᠠᠭ᠎ᠠ ᠶᠢ ᠮᠠᠨ ᠤ ᠲᠤᠭᠤᠷᠢᠭ ᠲᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠢᠨᠢᠩ ᠲᠣᠭᠤᠷᠢᠭ ᠤᠨ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ  ᠱᠠᠭᠠᠷᠳᠠᠭᠰᠠᠨ ᠨᠢ ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠵᠠᠰᠠᠯᠲᠠ ᠪᠣᠯᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠱᠠᠯᠢᠭ ᠵᠠᠪᠠᠭ᠋ᠠᠢ ᠵᠦᠢᠯᠡᠰ ᠲᠤ ᠬᠤᠯᠪᠣᠭᠳᠠᠭᠰᠠᠨ ᠬᠠᠤᠯᠢ ᠪᠤᠰᠤ ᠬᠡᠪᠯᠡᠭᠳᠡᠬᠦᠨ ᠳᠤ ᠬᠤᠯᠪᠣᠭᠳᠠᠭᠰᠠᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠮᠠᠨ ᠤ ᠲᠤᠭᠤᠷᠢᠭ ᠤᠨ ᠤᠯᠤᠰ ᠲᠦᠷᠦ᠂ ᠦᠵᠡᠯ ᠤᠬᠠᠮᠰᠠᠷ ᠤᠨ ᠬᠡᠯᠪᠡᠷᠢ ᠪᠣᠯᠤᠨ ᠰᠣᠶᠣᠯ ᠤᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ ᠭᠡᠵᠡᠢ᠃     ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠲᠠᠶᠢᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ ᠵᠢᠭᠠᠭᠰᠠᠨ ᠨᠢ᠂ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠥᠮᠦᠵᠢᠯ ᠴᠡᠭᠴᠡᠯᠡᠯᠲᠡ ᠶᠢᠨ ᠬᠠᠷᠠᠯᠲᠠ ᠡᠭᠦᠷᠭᠡ ᠶᠢ ᠣᠨᠣᠪᠴᠢᠲᠠᠶ ᠡᠵᠡᠮᠳᠡᠨ᠂ ᠬᠥᠮᠦᠵᠢᠯ ᠴᠡᠭᠴᠡᠯᠡᠯᠲᠡ ᠪᠠᠷ ᠳᠠᠮᠵᠢᠭᠤᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠴᠢᠳᠠᠪᠤᠷᠢ ᠬᠡᠪ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ᠂ ᠵᠣᠷᠢᠭᠲᠠᠶ ᠲᠡᠮᠡᠴᠡᠬᠦ ᠳᠡᠭᠡᠨ ᠴᠢᠳᠠᠮᠠᠭᠠᠶ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠴᠡᠷᠢᠭ ᠠᠩᠭᠢ ᠶᠢ ᠬᠦᠴᠦᠯᠡᠨ ᠪᠠᠶᠢᠭᠤᠯᠬᠤ ᠬᠡᠷᠡᠭᠲᠡᠶ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                    ᠵᠢᠷᠤᠭ᠄ ᠴᠢᠶᠤᠤ ᠮᠢᠨ                    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2