ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠬᠤᠶᠠᠳᠤᠭᠠᠷ ᠪᠦᠭᠦᠳᠡ ᠬᠤᠷᠠᠯ ᠬᠢᠪᠡ
ᠨᠡᠶᠢᠲᠡᠯᠡᠭᠰᠡᠨ ᠴᠠᠭ᠄
2023/3/9
  ᠰᠢ ᠶᠢᠨ ᠫᠢᠩ   ᠯᠢ ᠴᠢᠶᠠᠩ   ᠵᠤᠤ ᠯᠧ ᠵᠢᠢ   ᠸᠠᠩ ᠬᠤ᠋ ᠨᠢᠩ   ᠬᠠᠨ ᠵᠧᠩ   ᠼᠠᠢ ᠴᠢ   ᠳ᠋ᠢᠩ ᠰᠢᠤᠸᠠᠢ ᠰᠢᠶᠠᠩ   ᠯᠢ ᠰᠢ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ    ᠯᠢ ᠵᠠᠨ ᠱᠣ᠋ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠵᠡᠢ    ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠠ ᠬᠢᠨᠠᠨ ᠵᠥᠪᠯᠡᠵᠦ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ      ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 7᠎ ᠤ ᠴᠠᠬᠢᠯᠭᠠᠨ ᠮᠡᠳᠡᠭᠡ   ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 7᠎ ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠪᠦᠭᠦᠳᠡ ᠬᠤᠷᠠᠯ ᠬᠢᠵᠦ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠠ ᠬᠢᠨᠠᠨ ᠵᠥᠪᠯᠡᠵᠦ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ ᠃      ᠰᠢ ᠶᠢᠨ ᠫᠢᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠬᠠᠨ ᠵᠧᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠨᠠᠷ ᠬᠤᠷᠠᠯ ᠳᠤ ᠣᠷᠣᠯᠴᠠᠵᠠᠢ ᠃      ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2977 ᠬᠥᠮᠥᠨ ᠂ ᠬᠤᠷᠠᠯ ᠳᠤ ᠤᠷᠤᠯᠴᠠᠬᠰᠠᠨ ᠨᠢ 2943 ᠬᠥᠮᠥᠨ ᠂ 34 ᠬᠥᠮᠥᠨ ᠣᠷᠣᠯᠴᠠᠬᠰᠠᠨ ᠦᠭᠡᠢ ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ ᠬᠤᠷᠠᠯ ᠢ ᠡᠷᠭᠢᠯᠡᠪᠡ ᠃      ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠂ ᠬᠤᠷᠢᠶᠠᠨ ᠳᠠᠷᠤᠭ᠎ᠠ ᠯᠢ ᠵᠠᠨ ᠱᠣ᠋ ᠶᠡᠭᠡ ᠬᠤᠷᠠᠯ ᠳᠡᠭᠡᠷ᠎ᠡ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ ᠃ ᠯᠢ ᠵᠠᠨ ᠱᠣ᠋ ᠮᠡᠳᠡᠭᠦᠯᠦᠯᠲᠡ ᠳᠡᠭᠡᠨ ᠂ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠬᠠᠤᠯᠢ ᠲᠣᠭᠲᠠᠭᠠᠬᠤ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ ᠂ 5 ᠬᠠᠤᠯᠢ ᠲᠣᠭᠲᠠᠭᠠᠵᠤ ᠂ 9 ᠬᠠᠤᠯᠢ ᠳᠤ ᠵᠠᠰᠠᠪᠤᠷᠢ ᠣᠷᠣᠭᠤᠯᠵᠤ ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠪᠣᠯᠣᠨ ᠴᠢᠬᠤᠯᠠ ᠶᠡᠭᠡ ᠠᠰᠠᠭᠤᠳᠠᠯ ᠤᠨ ᠲᠤᠬᠠᠢ 4 ᠲᠣᠭᠲᠠᠭᠠᠯ ᠢ ᠪᠠᠲᠤᠯᠠᠵᠤ ᠂ 1 ᠬᠠᠤᠯᠢ ᠴᠠᠭᠠᠵᠠ ᠶᠢᠨ ᠲᠠᠶᠢᠯᠪᠤᠷᠢᠯᠠᠯᠲᠠ ᠭᠢᠪᠡ ︔ ᠬᠢᠨᠠᠯᠲᠠ ᠲᠠᠯᠪᠢᠬᠤ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ ᠂ 5 ᠬᠠᠤᠯᠢ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ ᠂ 23 ᠬᠢᠨᠠᠯᠲᠠ ᠲᠠᠯᠪᠢᠬᠤ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ ᠂ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ ᠢ ᠥᠷᠨᠢᠭᠦᠯᠵᠦ ᠂ 8 ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠭᠢᠪᠡ ︔ ᠲᠥᠯᠥᠭᠡᠯᠡᠭᠴᠢᠳ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ ᠂ 487 ᠬᠤᠪᠢ ᠲᠥᠯᠥᠭᠡᠯᠡᠭᠴᠢᠳ ᠤᠨ ᠰᠠᠨᠠᠯ ᠵᠥᠪᠯᠡᠯᠭᠡ ᠂ 9349 ᠬᠤᠪᠢ ᠰᠠᠨᠠᠭᠤᠯᠭ᠎ᠠ ᠶᠢ ᠰᠢᠢᠳᠪᠦᠷᠢᠯᠡᠵᠦ ᠂ ᠪᠠᠶᠢᠩᠭᠤ ᠶᠢᠨ ᠬᠤᠷᠢᠶ᠎ᠠ ᠂ ᠲᠤᠰᠬᠠᠢ ᠵᠥᠪᠯᠡᠯ ᠂ ᠠᠵᠢᠯ ᠤᠨ ᠵᠥᠪᠯᠡᠯ ᠤᠨ ᠠᠵᠢᠯ ᠳᠤ ᠨᠡᠶᠢᠳᠡ 100 ᠭᠠᠷᠤᠢ ᠬᠥᠮᠥᠨ ᠤᠳᠠᠭ᠎ᠠ ᠣᠷᠣᠯᠴᠠᠪᠠ ︔ ᠭᠠᠳᠠᠭᠠᠳᠤ ᠶᠠᠪᠤᠳᠠᠯ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ ᠂ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 393 ᠬᠥᠮᠥᠨ ᠤᠳᠠᠭ᠎ᠠ ᠬᠠᠤᠯᠢ ᠶᠣᠰᠣᠭᠠᠷ ᠲᠣᠮᠢᠯᠠᠵᠤ ᠪᠠᠭᠤᠯᠭᠠᠵᠤ ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠴᠠ ᠲᠣᠭᠲᠠᠭᠠᠭᠰᠠᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ ᠭᠡᠵᠦ ᠵᠢᠭᠠᠵᠤ ᠭᠠᠷᠭᠠᠪᠠ ᠃      ᠯᠢ ᠵᠠᠨ ᠱᠣ᠋ ᠮᠡᠳᠡᠭᠦᠯᠦᠯᠲᠡ ᠳᠡᠭᠡᠨ ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠨ ᠵᠢᠯ ᠤᠨ ᠲᠤᠰᠢᠶᠠᠯ ᠤᠨ ᠬᠤᠭᠤᠴᠠᠭ᠎ᠠ ᠨᠢ ᠶᠠᠭ ᠰᠠᠶᠢᠬᠠᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠥᠷᠨᠢᠭᠦᠨ ᠬᠥᠭᠵᠢᠯᠲᠡ ᠶᠢᠨ ᠠᠭᠤᠤ ᠶᠡᠭᠡ ᠲᠡᠦᠬᠡᠨ ᠬᠤᠪᠢᠰᠤᠯᠲᠠ ᠶᠢᠨ ᠴᠠᠭ ᠦᠶ᠎ᠡ ᠳᠤ ᠲᠣᠬᠢᠶᠠᠪᠠ ᠃ ᠪᠠᠶᠢᠩᠭᠤ ᠶᠢᠨ ᠬᠤᠷᠢᠶ᠎ᠠ ︽ ᠬᠤᠶᠠᠷ ᠢ ᠲᠣᠭᠲᠠᠭᠠᠭᠰᠠᠨ ︾᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾᠎ ᠢᠶᠠᠨ ᠴᠢᠩᠭᠠᠳᠬᠠᠵᠤ ᠂ ︽ ᠳᠥᠷᠪᠡᠨ ᠢᠲᠡᠭᠡᠯ ︾᠎ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾᠎ ᠶᠢ ᠪᠡᠶᠡᠯᠡᠭᠦᠯᠵᠦ ᠂ ᠢᠮᠠᠭᠲᠠ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠴᠢᠭᠯᠡᠯ ᠢ ᠪᠠᠲᠤ ᠡᠵᠡᠮᠳᠡᠵᠦ ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠴᠡᠭᠡ ᠲᠠᠢ ᠨᠢᠭᠲᠠ ᠤᠶᠠᠯᠳᠤᠭᠤᠯᠵᠤ ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ ᠲᠤᠭᠤᠰᠢᠯᠠᠭᠤᠯᠵᠤ ᠂ ᠪᠦᠭᠦ ᠲᠥᠯᠥᠭᠡᠯᠡᠭᠴᠢ ᠳᠤ ᠴᠢᠩᠭ᠎ᠠ ᠲᠦᠰᠢᠭᠯᠡᠵᠦ ᠂ ᠬᠠᠤᠯᠢ ᠲᠣᠭᠲᠠᠭᠠᠬᠤ ᠡᠷᠬᠡ ᠂ ᠬᠢᠨᠠᠯᠲᠠ ᠲᠠᠯᠪᠢᠬᠤ ᠡᠷᠬᠡ ᠂ ᠲᠣᠭᠲᠠᠭᠠᠬᠤ ᠡᠷᠬᠡ ᠂ ᠲᠣᠮᠢᠯᠠᠵᠤ ᠪᠠᠭᠤᠯᠭᠠᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ ᠂ ᠨᠠᠮ ᠪᠠ ᠠᠷᠠᠳ ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ ᠂ ᠨᠠᠮ ᠤᠨ ᠲᠥᠪ ᠬᠤᠷᠢᠶ᠎ᠠ ᠶᠢᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠲᠥᠪ ᠴᠢᠩᠭ᠎ᠠ ᠠᠮᠠᠯᠠᠯᠲᠠ ᠪᠠᠨ ᠴᠢᠷᠮᠠᠶᠢᠨ ᠪᠡᠶᠡᠯᠡᠭᠦᠯᠵᠡᠢ ᠭᠡᠪᠡ ᠃      ᠯᠢ ᠵᠠᠨ ᠱᠤ᠋ ᠮᠡᠳᠡᠭᠦᠯᠦᠯᠲᠡ ᠳᠡᠭᠡᠨ ᠂ ᠲᠠᠪᠤᠨ ᠵᠢᠯ ᠤᠨ ᠲᠤᠷᠰᠢ ᠂ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠢ ᠪᠠᠲᠤᠯᠠᠵᠤ ᠂ 47 ᠬᠠᠤᠯᠢ ᠲᠣᠭᠲᠠᠭᠠᠵᠤ ᠂ 111 ᠬᠠᠤᠯᠢ ᠳᠤ ᠵᠠᠰᠠᠪᠤᠷᠢ ᠣᠷᠣᠭᠤᠯᠵᠤ ᠂ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠪᠣᠯᠣᠨ ᠴᠢᠬᠤᠯᠠ ᠶᠡᠭᠡ ᠠᠰᠠᠭᠤᠳᠠᠯ ᠤᠨ ᠲᠣᠭᠲᠠᠭᠠᠯ ᠰᠢᠢᠳᠪᠦᠷᠢ ᠶᠢ 53 ᠭᠠᠷᠭᠠᠵᠤ ᠂ ᠨᠢᠭᠡᠨᠲᠡ ᠬᠢᠨᠠᠨ ᠵᠥᠪᠯᠡᠭᠡᠳ ᠬᠠᠷᠠᠬᠠᠨ ᠪᠠᠲᠤᠯᠠᠭᠠᠳᠤᠢ ᠬᠠᠤᠯᠢ ᠶᠢᠨ ᠲᠥᠰᠥᠯ ᠂ ᠲᠣᠭᠲᠠᠭᠠᠯ ᠤᠨ ᠲᠥᠰᠥᠯ 19 ᠬᠤᠪᠢ ᠪᠠᠶᠢᠨ᠎ᠠ ︔ 182 ᠬᠢᠨᠠᠯᠲᠠ ᠲᠠᠯᠪᠢᠬᠤ ᠠᠵᠢᠯ ᠤᠨ ᠮᠡᠳᠡᠭᠦᠯᠦᠯᠲᠡ ᠪᠠ ᠪᠤᠰᠤᠳ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ ᠂ 30 ᠬᠠᠤᠯᠢ ᠪᠠ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ ᠂ 11 ᠤᠳᠠᠭ᠎ᠠ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ ᠂ 33 ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ ︔ ᠲᠥᠯᠥᠭᠡᠯᠡᠭᠴᠢ ᠶᠢᠨ 2282 ᠬᠤᠪᠢ ᠰᠠᠨᠠᠯ ᠵᠥᠪᠯᠡᠯᠭᠡ ᠂ ᠲᠥᠯᠥᠭᠡᠯᠡᠭᠴᠢ ᠶᠢᠨ 43750 ᠬᠤᠪᠢ ᠰᠠᠨᠠᠭᠤᠯᠭ᠎ᠠ ᠶᠢ ᠪᠦᠭᠦᠨ ᠢ ᠰᠢᠢᠳᠪᠦᠷᠢᠯᠡᠨ ᠳᠠᠭᠤᠰᠬᠠᠵᠤ ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠭᠰᠡᠨ ᠠᠵᠢᠯ ᠤᠨ ᠲᠤᠬᠠᠢ ᠬᠠᠨᠤᠮᠵᠢ ᠶᠢᠨ ᠬᠡᠮᠵᠢᠶ᠎ᠡ 98%᠎ ᠳᠤ ᠭᠦᠷᠪᠡ ︔ 36 ᠭᠡᠷ᠎ᠡ ᠪᠣᠯᠣᠨ ᠴᠢᠬᠤᠯᠠ ᠬᠡᠯᠡᠯᠴᠡᠭᠡᠷ ᠢ ᠵᠥᠪᠰᠢᠶᠡᠷᠡᠬᠦ ᠪᠠᠷ ᠲᠣᠭᠲᠠᠭᠰᠠᠨ ᠪᠤᠶᠤ ᠲᠡᠭᠦᠨ ᠳᠤ ᠤᠷᠤᠯᠴᠠᠪᠠ ︔ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 1515 ᠬᠥᠮᠥᠨ ᠤᠳᠠᠭ᠎ᠠ ᠬᠠᠤᠯᠢ ᠶᠣᠰᠣᠭᠠᠷ ᠲᠣᠮᠢᠯᠠᠵᠤ ᠪᠠᠭᠤᠯᠭᠠᠪᠠ ᠃ ᠭᠤᠣᠯᠳᠠᠭᠤ ᠳᠣᠣᠷᠠᠬᠢ ᠠᠵᠢᠯ ᠤᠳ ᠢ ᠥᠷᠨᠢᠭᠦᠯᠪᠡ ᠄ ᠨᠢᠭᠡ ᠳᠤ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ ᠂ ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ ᠬᠦᠨᠳᠦ ᠶᠢ ᠬᠠᠮᠠᠭᠠᠯᠠᠪᠠ ︔ ᠬᠤᠶᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ ᠂ ᠴᠢᠳᠠᠮᠠᠭᠠᠢ ᠵᠠᠰᠠᠯᠲᠠ ᠶᠢ ᠪᠠᠲᠤᠯᠠᠵᠠᠢ ︔ ᠭᠤᠷᠪᠠ ᠳᠤ ᠦᠨᠳᠦᠰᠦᠨ ᠬᠠᠤᠯᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠬᠢᠨᠠᠯᠲᠠ ᠲᠠᠯᠪᠢᠬᠤ ᠡᠷᠬᠡ ᠶᠢ ᠰᠠᠶᠢᠲᠤᠷ ᠬᠡᠷᠡᠭᠯᠡᠵᠦ ᠂ ᠵᠥᠪ ᠢᠶᠠᠷ ᠬᠢᠨᠠᠯᠲᠠ ᠲᠠᠯᠪᠢᠬᠤ ᠂ ᠪᠦᠲᠦᠮᠵᠢᠲᠡᠢ ᠬᠢᠨᠠᠯᠲᠠ ᠲᠠᠯᠪᠢᠬᠤ ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠭᠡᠷᠡᠭᠵᠢᠭᠦᠯᠵᠠᠢ ︔ ᠳᠥᠷᠪᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠵᠤ ᠂ ᠠᠷᠠᠳ ᠲᠦᠮᠡᠨ ᠬᠦᠰᠡᠯ ᠱᠠᠭᠠᠷᠳᠠᠯᠭ᠎ᠠ ᠪᠠᠶᠢᠪᠠᠯ ᠬᠠᠷᠢᠭᠤ ᠦᠭᠭᠦ ᠶᠢ ᠪᠡᠶᠡᠯᠡᠭᠦᠯᠪᠡ ︔ ᠲᠠᠪᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢᠨ ᠳᠠᠪᠠᠭᠤᠯᠢᠭ ᠢ ᠪᠠᠳᠠᠷᠠᠭᠤᠯᠵᠤ ᠂ ᠨᠠᠮ ᠪᠠ ᠤᠯᠤᠰ ᠤᠨ ᠭᠠᠳᠠᠭᠠᠳᠤ ᠬᠠᠷᠢᠯᠴᠠᠭ᠎ᠠ ᠶᠢᠨ ᠶᠡᠭᠡ ᠲᠠᠯ᠎ᠠ ᠳᠤ ᠦᠢᠯᠡᠴᠢᠯᠡᠪᠡ ︔ ᠵᠢᠷᠭᠤᠭ᠎ᠠ ᠳᠤ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠂ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠪᠠ ᠭᠡᠪᠡ ᠃      ᠯᠢ ᠵᠠᠨ ᠱᠤ᠋ ᠮᠡᠳᠡᠭᠦᠯᠦᠯᠲᠡ ᠳᠡᠭᠡᠨ ᠂ ᠲᠠᠪᠤᠨ ᠵᠢᠯ ᠤᠨ ᠦᠢᠯᠡᠳᠦᠯᠭᠡ ᠳᠤ ᠮᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠰᠢᠨᠵᠢᠯᠡᠬᠦ ᠤᠬᠠᠭᠠᠨᠴᠢ ᠠᠭᠤᠯᠬᠤᠨ ᠂ ᠦᠨᠳᠦᠰᠦᠨ ᠣᠨᠴᠠᠯᠢᠭ ᠪᠣᠯᠣᠨ ᠮᠥᠨ ᠴᠢᠨᠠᠷ ᠤᠨ ᠱᠠᠭᠠᠷᠳᠠᠯᠭ᠎ᠠ ᠶᠢᠨ ᠲᠤᠬᠠᠢ ᠲᠠᠨᠢᠯᠲᠠ ᠶᠢ ᠤᠯᠠᠮ ᠭᠦᠨᠵᠡᠭᠡᠶᠢᠷᠡᠭᠦᠯᠵᠡᠢ ᠂ ᠡᠨᠡ ᠨᠢ ᠳᠠᠷᠤᠢ ᠄ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠵᠤ ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ ᠂ ᠡᠷᠬᠡᠪᠰᠢ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ ᠪᠠᠷᠢᠮᠲᠠᠯᠠᠵᠤ ᠂ ᠡᠷᠬᠡᠪᠰᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠵᠤ ᠂ ᠡᠷᠬᠡᠪᠰᠢ ᠦᠨᠳᠦᠰᠦᠨ ᠬᠠᠤᠯᠢ ᠳᠤ ᠲᠣᠭᠲᠠᠭᠠᠭᠰᠠᠨ ᠤᠯᠤᠰ ᠤᠨ ᠦᠨᠳᠦᠰᠦᠨ ᠡᠭᠦᠷᠭᠡ ᠂ ᠬᠥᠭᠵᠢᠯᠲᠡ ᠶᠢᠨ ᠵᠠᠮ ᠂ ᠲᠡᠮᠡᠴᠡᠬᠦ ᠬᠠᠷᠠᠯᠲᠠ ᠶᠢ ᠪᠠᠷᠢᠮᠲᠠᠯᠠᠬᠤ ᠬᠡᠷᠡᠭᠲᠡᠢ ᠶᠠᠪᠤᠳᠠᠯ ᠪᠣᠯᠣᠨ᠎ᠠ ᠭᠡᠵᠡᠢ ᠃      ᠬᠤᠶᠢᠰᠢᠳᠠ ᠶᠢᠨ ᠨᠢᠭᠡ ᠵᠢᠯ ᠤᠨ ᠠᠵᠢᠯ ᠤᠨ ᠲᠤᠬᠠᠢ ᠰᠠᠨᠠᠭᠤᠯᠭ᠎ᠠ ᠳᠠᠭᠠᠨ ᠯᠢ ᠵᠠᠨ ᠱᠤ᠋ ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠪᠣᠯᠣᠨ᠎ᠠ ᠂ ᠪᠠᠶᠢᠩᠭᠤ ᠶᠢᠨ ᠬᠤᠷᠢᠶ᠎ᠠ ᠶᠢᠨ ᠠᠵᠢᠯ ᠪᠣᠯ ᠨᠢᠭᠡ ᠳᠤ ᠦᠨᠳᠦᠰᠦᠨ ᠬᠠᠤᠯᠢ ᠶᠢ ᠬᠡᠷᠡᠭᠵᠢᠭᠦᠯᠬᠦ ᠪᠠ ᠬᠠᠤᠯᠢ ᠲᠣᠭᠲᠠᠭᠠᠬᠤ ᠠᠵᠢᠯ ᠢ ᠰᠠᠶᠢᠲᠤᠷ ᠭᠢᠨ᠎ᠠ ︔ ᠬᠤᠶᠠᠷ ᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠎ᠠ ︔ ᠭᠤᠷᠪᠠ ᠳᠤ ᠲᠥᠯᠥᠭᠡᠯᠡᠭᠴᠢ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠠ ︔ ᠳᠥᠷᠪᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠰᠠᠶᠢᠲᠤᠷ ᠭᠢᠨ᠎ᠠ ︔ ᠲᠠᠪᠤ ᠳᠤ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ ᠭᠡᠵᠦ ᠵᠢᠭᠠᠵᠤ ᠭᠠᠷᠭᠠᠪᠠ ᠃      ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠳᠠᠷᠤᠭ᠎ᠠ ᠵᠧᠦ ᠴᠢᠶᠠᠩ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠡᠭᠡᠨ ᠂ 2022 ᠣᠨ ᠳᠤ ᠂ ᠪᠦᠭᠦ ᠤᠯᠤᠰ ᠤᠨ ᠰᠢᠭᠦᠭᠦ ᠬᠤᠷᠢᠶ᠎ᠠ ᠶᠢᠨ ᠡᠯ᠎ᠡ ᠵᠦᠢᠯ ᠤᠨ ᠠᠵᠢᠯ ᠲᠣᠭᠲᠠᠭᠤᠨ ᠤ ᠳᠤᠮᠳᠠ ᠠᠬᠢᠵᠠᠢ ᠃ ᠠᠷᠠᠳ ᠤᠨ ᠳᠡᠭᠡᠳᠦ ᠰᠢᠭᠦᠭᠦ ᠬᠤᠷᠢᠶ᠎ᠠ 18547 ᠬᠡᠷᠡᠭ ᠢ ᠭᠥᠯᠢᠶᠡᠨ ᠠᠪᠴᠤ ᠰᠢᠢᠳᠪᠦᠷᠢᠯᠡᠵᠦ ᠂ 13785 ᠬᠡᠷᠡᠭ ᠢ ᠰᠢᠭᠦᠨ ᠳᠠᠭᠤᠰᠬᠠᠪᠠ ︔ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠰᠢᠭᠦᠭᠦ ᠬᠤᠷᠢᠶ᠎ᠠ ᠪᠠ ᠠᠷᠠᠳ ᠤᠨ ᠲᠤᠰᠬᠠᠢ ᠰᠢᠭᠦᠭᠦ ᠬᠤᠷᠢᠶ᠎ᠠ 3370.4 ᠲᠦᠮᠡᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠵᠦ ᠂ 3081 ᠲᠦᠮᠡᠨ ᠬᠡᠷᠡᠭ ᠢ ᠰᠢᠭᠦᠵᠦ ᠳᠠᠭᠤᠰᠬᠠᠭᠰᠠᠨ ᠪᠠ ᠭᠦᠢᠴᠡᠳᠬᠡᠵᠦ ᠳᠠᠭᠤᠰᠬᠠᠨ ᠂ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠬᠠᠷᠠᠯᠲᠠ ᠶᠢᠨ ᠬᠡᠮᠵᠢᠶ᠎ᠡ 9.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ ᠭᠡᠵᠦ ᠵᠢᠭᠠᠵᠤ ᠭᠠᠷᠭᠠᠪᠠ ᠃      ᠵᠧᠦ ᠴᠢᠶᠠᠩ ᠮᠡᠳᠡᠭᠦᠯᠦᠯᠲᠡ ᠳᠡᠭᠡᠨ ᠂ ᠲᠠᠪᠤᠨ ᠵᠢᠯ ᠤᠨ ᠲᠤᠷᠰᠢ ᠂ ᠠᠷᠠᠳ ᠤᠨ ᠳᠡᠭᠡᠳᠦ ᠰᠢᠭᠦᠭᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠠᠷᠠᠳ ᠤᠨ ᠰᠢᠭᠦᠭᠦ ᠬᠤᠷᠢᠶ᠎ᠠ ᠶᠢᠨ ᠠᠵᠢᠯ ᠤᠨ ᠰᠢᠨ᠎ᠡ ᠬᠤᠪᠢᠰᠤᠯᠲᠠ ᠰᠢᠨ᠎ᠡ ᠬᠥᠭᠵᠢᠯᠲᠡ ᠶᠢ ᠠᠬᠢᠭᠤᠯᠪᠠ ᠃ ᠨᠢᠭᠡ ᠳᠤ ᠤᠯᠤᠰ ᠤᠨ ᠠᠮᠤᠷ ᠲᠦᠪᠰᠢᠨ ᠂ ᠨᠡᠶᠢᠭᠡᠮ ᠤᠨ ᠠᠮᠤᠷ ᠲᠣᠭᠲᠠᠭᠤᠨ ᠂ ᠠᠷᠠᠳ ᠲᠦᠮᠡᠨ ᠤ ᠠᠮᠤᠷ ᠠᠮᠤᠭᠤᠯᠠᠩ ᠢ ᠡᠷᠡᠰ ᠬᠠᠮᠠᠭᠠᠯᠠᠪᠠ ︔ ᠬᠤᠶᠠᠷ ᠲᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠠᠤᠯᠢ ᠶᠣᠰᠣᠭᠠᠷ ᠦᠢᠯᠡᠴᠢᠯᠡᠪᠠ ︔ ᠭᠤᠷᠪᠠ ᠳᠤ ᠳᠤᠮᠳᠠᠳᠤ ᠤᠯᠤᠰ ᠤᠨ ᠣᠨᠴᠠᠯᠢᠭ ᠲᠠᠢ ᠠᠷᠠᠳ ᠤᠨ ᠲᠥᠯᠥᠭᠡ ᠬᠠᠤᠯᠢ ᠪᠠᠷᠢᠬᠤ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠪᠠ ︔ ᠳᠥᠷᠪᠡ ᠳᠤ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠬᠠᠮᠤᠭ ᠤᠨ ᠡᠴᠦᠰ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠭᠢᠵᠠᠢ ︔ ᠲᠠᠪᠤ ᠳᠤ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠣᠶᠤᠨᠴᠢ ᠰᠢᠭᠦᠭᠦ ᠬᠤᠷᠢᠶ᠎ᠠ ᠶᠢᠨ ᠪᠠᠶᠢᠭᠤᠯᠤᠯᠲᠠ ᠴᠢᠬᠤᠯᠠ ᠶᠡᠭᠡ ᠠᠬᠢᠯᠲᠠ ᠲᠠᠢ ᠪᠤᠯᠪᠠ ︔ ᠵᠢᠷᠭᠤᠭ᠎ᠠ ᠳᠤ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠭᠦᠭᠦ ᠬᠤᠷᠢᠶ᠎ᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠠᠢ ᠭᠡᠵᠦ ᠢᠯᠡᠳᠬᠡᠪᠡ ᠃      ᠮᠡᠳᠡᠭᠦᠯᠦᠯᠲᠡ ᠳᠤ ᠂ ᠵᠧᠦ ᠴᠢᠶᠠᠩ 5 ᠲᠠᠯ᠎ᠠ ᠠᠴᠠ 2023 ᠣᠨ ᠤ ᠠᠵᠢᠯ ᠳᠤ ᠰᠠᠨᠠᠭᠤᠯᠭ᠎ᠠ ᠳᠤᠷᠠᠳᠪᠠ ᠄ ᠰᠢ ᠎ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠭᠤᠶᠢᠪᠢᠰᠢ ᠦᠭᠡᠢ ᠵᠠᠮᠨᠠᠬᠤ ᠭᠡᠷᠡᠭᠲᠡᠢ ︔ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠪᠠ ᠴᠢᠨᠠᠷ ᠰᠠᠶᠢᠲᠠᠢ ᠬᠥᠭᠵᠢᠯᠲᠡ ᠳᠤ ᠬᠠᠤᠯᠢ ᠶᠣᠰᠣᠭᠠᠷ ᠦᠢᠯᠡᠴᠢᠯᠡᠬᠦ ᠭᠡᠷᠡᠭᠳᠠᠢ ︔ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ ᠂ ᠠᠷᠠᠳ ᠤᠨ ᠲᠥᠯᠥᠭᠡ ᠬᠠᠤᠯᠢ ᠪᠠᠷᠢᠬᠤ ᠂ ᠲᠥᠪ ᠭᠤᠣᠯᠴᠢ ᠪᠠᠷ ᠬᠠᠤᠯᠢ ᠪᠠᠷᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠭᠡᠷᠡᠭᠳᠠᠢ ︔ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠢᠭᠦᠨ ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠬᠤ ᠭᠡᠷᠡᠭᠳᠠᠢ ︔ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠂ ᠰᠢᠭᠦᠭᠦ ᠬᠤᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ ᠂ ᠰᠢᠭᠦᠭᠦ ᠬᠤᠷᠢᠶ᠎ᠠ ᠎ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃      ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠠᠩ ᠵᠢᠶᠦ᠋ᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠡᠭᠡᠨ ᠂ ᠲᠠᠪᠤᠨ ᠵᠢᠯ ᠤᠨ ᠲᠤᠷᠰᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ ᠶᠢᠨ ᠳᠣᠣᠷ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠡᠷᠡᠭᠦᠦ ᠶᠢᠨ ᠬᠡᠷᠡᠭ ᠂ ᠢᠷᠭᠡᠨ ᠤ ᠬᠡᠷᠡᠭ ᠂ ᠵᠠᠰᠠᠭ ᠵᠠᠬᠢᠷᠭ᠎ᠠ ᠂ ᠨᠡᠶᠢᠲᠡ ᠶᠢᠨ ᠠᠰᠠᠷᠠᠮᠵᠢ ᠶᠢᠨ ᠵᠠᠷᠭᠤ ᠵᠡᠷᠭᠡ ︽ ᠲᠦᠷᠪᠡᠨ ᠶᠡᠭᠡ ᠪᠠᠶᠢᠴᠠᠭᠠᠬᠤ ᠠᠵᠢᠯ ︾᠎ ᠤᠨ ᠰᠢᠨ᠎ᠡ ᠪᠠᠶᠢᠷᠢᠰᠢᠯ ᠢ ᠰᠢᠨ᠎ᠡ ᠪᠠᠷ ᠡᠭᠦᠳᠦᠨ ᠪᠠᠶᠢᠭᠤᠯᠵᠤ ᠂ ᠠᠷᠠᠳ ᠲᠦᠮᠡᠨ ᠢ ᠳᠡᠭᠡᠳᠦᠯᠡᠬᠦ ᠶᠢ ᠦᠢᠯᠡᠳᠦᠯᠭᠡᠵᠢᠭᠦᠯᠦᠨ ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠪᠠᠷ ᠭᠦᠢᠴᠡᠳᠬᠡᠵᠦ ᠂ ᠠᠷᠠᠳ ᠤᠨ ᠪᠠᠶᠢᠴᠠᠭᠠᠬᠤ ᠠᠵᠢᠯ ᠦᠢᠯᠡᠰ ᠰᠢᠨ᠎ᠡ ᠲᠠᠪᠠᠯᠳᠠᠳᠤ ᠬᠥᠭᠵᠢᠯᠲᠡ ᠶᠢ ᠪᠡᠶᠡᠯᠡᠭᠦᠯᠪᠡ ᠃ 2018 ᠣᠨ ᠠᠴᠠ 2022 ᠣᠨ ᠪᠤᠯᠲᠠᠯ᠎ᠠ ᠂ ᠪᠦᠭᠦ ᠤᠯᠤᠰ ᠤᠨ ᠪᠠᠶᠢᠴᠠᠭᠠᠬᠤ ᠪᠠᠶᠢᠭᠤᠯᠭ᠎ᠠ ᠡᠯ᠎ᠡ ᠲᠦᠷᠦᠯ ᠤᠨ ᠬᠡᠷᠡᠭ ᠢ ᠨᠡᠶᠢᠳᠡ 1733.6 ᠲᠦᠮᠡᠨ ᠬᠤᠪᠢ ᠰᠢᠢᠳᠪᠦᠷᠢᠯᠡᠵᠦ ᠂ ᠲᠦᠷᠦᠭᠦᠦ ᠲᠠᠪᠤᠨ ᠵᠢᠯ ᠤᠨ ᠬᠢ ᠠᠴᠠ 40%᠎ ᠪᠠᠷ ᠨᠡᠮᠡᠭᠳᠡᠪᠡ ᠃ 2018 ᠣᠨ ᠤ ᠬᠢ ᠲᠠᠢ ᠬᠠᠷᠢᠴᠠᠭᠤᠯᠪᠠᠯ ᠂ 2022 ᠣᠨ ᠳᠤ ᠭᠥᠯᠢᠶᠡᠨ ᠠᠪᠤᠭᠰᠠᠨ ᠬᠢᠨᠠᠨ ᠪᠠᠶᠢᠴᠠᠭᠠᠵᠤ ᠵᠠᠭᠠᠯᠳᠤᠬᠤ ᠬᠡᠷᠡᠭ 2.8%᠎ ᠪᠠᠷ ᠨᠡᠮᠡᠭᠳᠡᠵᠦ ᠂ ᠢᠷᠭᠡᠨ ᠤ ᠬᠡᠷᠡᠭ ᠂ ᠵᠠᠰᠠᠭ ᠵᠠᠬᠢᠷᠭ᠎ᠠ ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ ᠰᠢᠢᠳᠪᠦᠷᠢᠯᠡᠭᠰᠡᠨ ᠬᠡᠮᠵᠢᠶ᠎ᠡ ᠲᠤᠰ ᠲᠤᠰ 1.5 ᠲᠠᠭᠢᠨ ᠂ 3.3 ᠲᠠᠭᠢᠨ ᠪᠠ 72.6%᠎ ᠪᠠᠷ ᠨᠡᠮᠡᠭᠳᠡᠪᠡ ᠭᠡᠵᠦ ᠵᠢᠭᠠᠵᠤ ᠭᠠᠷᠭᠠᠪᠠ ᠃      ᠮᠡᠳᠡᠭᠦᠯᠦᠯᠲᠡ ᠳᠤ ᠂ ᠵᠠᠩ ᠵᠢᠶᠦ᠋ᠨ ᠥᠩᠭᠡᠷᠡᠭᠰᠡᠨ ᠲᠠᠪᠤᠨ ᠵᠢᠯ ᠤᠨ ᠠᠵᠢᠯ ᠢ 6 ᠲᠠᠯ᠎ᠠ ᠪᠠᠷ ᠡᠷᠭᠢᠴᠡᠭᠦᠯᠪᠡ ᠄ ᠨᠢᠭᠡ ᠳᠤ ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ ᠂ ᠴᠢᠳᠠᠮᠠᠭᠠᠢ ᠪᠠᠶᠢᠴᠠᠭᠠᠬᠤ ᠪᠠᠷ ᠳᠤᠮᠳᠠᠳᠤ ᠤᠯᠤᠰ ᠤᠨ ᠵᠠᠰᠠᠯᠲᠠ ᠳᠤ ᠬᠦᠴᠦᠨ ᠨᠡᠮᠡᠷᠢᠯᠡᠪᠡ ︔ ᠬᠤᠶᠠᠷ ᠲᠤ ᠂ ᠶᠡᠭᠡ ᠲᠠᠯ᠎ᠠ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠴᠢᠳᠠᠮᠠᠭᠠᠢ ᠪᠠᠶᠢᠴᠠᠭᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠪᠠ ︔ ᠭᠤᠷᠪᠠ ᠳᠤ ᠂ ᠠᠷᠠᠳ ᠤᠨ ᠲᠥᠯᠥᠭᠡ ᠬᠠᠤᠯᠢ ᠪᠠᠷᠢᠬᠤ ᠶᠢ ᠪᠠᠷᠢᠮᠲᠠᠯᠠᠵᠤ ᠂ ᠴᠢᠳᠠᠮᠠᠭᠠᠢ ᠪᠠᠶᠢᠴᠠᠭᠠᠬᠤ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠠᠲᠤᠯᠠᠪᠠ ︔ ᠳᠥᠷᠪᠡ ᠳᠤ ᠂ ᠵᠠᠷᠭᠤ ᠳᠤ ᠬᠢᠨᠠᠯᠲᠠ ᠲᠠᠯᠪᠢᠬᠤ ᠶᠢ ᠴᠢᠩᠭᠠᠳᠬᠠᠵᠤ ᠂ ᠴᠢᠳᠠᠮᠠᠭᠠᠢ ᠪᠠᠶᠢᠴᠠᠭᠠᠬᠤ ᠪᠠᠷ ᠬᠠᠤᠯᠢ ᠴᠠᠭᠠᠵᠠ ᠶᠢᠨ ᠲᠥᠪ ᠭᠤᠣᠯᠴᠢ ᠶᠢ ᠬᠠᠮᠠᠭᠠᠯᠠᠪᠠ ︔ ᠲᠠᠪᠤ ᠳᠤ ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠥᠷᠭᠡᠳᠬᠡᠵᠦ ᠂ ᠴᠢᠳᠠᠮᠠᠭᠠᠢ ᠪᠠᠶᠢᠴᠠᠭᠠᠬᠤ ᠪᠠᠷ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠪᠠ ︔ ᠵᠢᠷᠭᠤᠭ᠎ᠠ ᠳᠤ ᠂ ᠪᠠᠶᠢᠴᠠᠭᠠᠬᠤ ᠬᠤᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ ᠂ ᠴᠢᠳᠠᠮᠠᠭᠠᠢ ᠪᠠᠶᠢᠴᠠᠭᠠᠬᠤ ᠪᠠᠷ ᠰᠢᠯᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠪᠠ ᠃      ᠵᠠᠩ ᠵᠢᠶᠦ᠋ᠨ ᠮᠡᠳᠡᠭᠦᠯᠦᠯᠲᠡ ᠳᠡᠭᠡᠨ 2023 ᠣᠨ ᠤ ᠠᠵᠢᠯ ᠳᠤ ᠰᠠᠨᠠᠭᠤᠯᠭ᠎ᠠ ᠳᠤᠷᠠᠳᠴᠠᠢ ᠄ ᠨᠢᠭᠡ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠭᠡᠷᠡᠭᠳᠡᠢ ︔ ᠬᠤᠶᠠᠷ ᠲᠤ ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠡᠷᠡᠰ ᠬᠠᠮᠠᠭᠠᠯᠠᠬᠤ ᠭᠡᠷᠡᠭᠳᠡᠢ ︔ ᠭᠤᠷᠪᠠ ᠳᠤ ᠂ ᠬᠠᠤᠯᠢᠵᠢᠯ ᠤᠨ ᠬᠦᠴᠦᠨ ᠢ ᠭᠦᠢᠴᠡᠳ ᠬᠡᠷᠡᠭᠯᠡᠵᠦ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠭᠡᠷᠡᠭᠳᠡᠢ ︔ ᠳᠥᠷᠪᠡ ᠳᠤ ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠴᠢᠳᠠᠪᠤᠷᠢ ᠶᠢ ᠳᠡᠭᠡᠭᠰᠢᠯᠡᠭᠦᠯᠭᠦ ᠭᠡᠷᠡᠭᠳᠡᠢ ︔ ᠲᠠᠪᠤ ᠳᠤ ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠦᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠡᠷᠡᠭᠳᠡᠢ ︔ ᠵᠢᠷᠭᠤᠭ᠎ᠠ ᠳᠤ ᠂ ᠬᠦᠨᠳᠦ ᠡᠭᠦᠷᠭᠡ ᠶᠢ ᠡᠭᠦᠷᠭᠡᠯᠡᠵᠦ ᠲᠡᠶᠢᠯᠭᠦ ᠪᠠᠶᠢᠴᠠᠭᠠᠬᠤ ᠠᠵᠢᠯ ᠤᠨ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠃      ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ ᠤᠨ ᠬᠢᠨᠠᠨ ᠵᠥᠪᠯᠡᠭᠦᠯᠭᠦ ᠪᠠᠷ ᠳᠡᠪᠰᠢᠭᠦᠯᠦᠭᠰᠡᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠰᠠᠨᠠᠯ ᠵᠥᠪᠯᠡᠯᠭᠡ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠪᠠᠶᠢᠷᠢᠯᠠᠭᠤᠯᠤᠯᠲᠠ ᠬᠢᠪᠡ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠠᠴᠠ ︽ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︾᠎ ᠢ ᠬᠢᠨᠠᠨ ᠵᠥᠪᠯᠡᠵᠦ ᠪᠠᠲᠤᠯᠠᠭᠠᠳ ᠂ ᠲᠡᠭᠦᠨ ᠤ ᠳᠣᠲᠣᠷᠠᠬᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠬᠤᠯᠪᠣᠭᠳᠠᠭᠰᠠᠨ ᠠᠭᠤᠯᠭ᠎ᠠ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠦᠪᠯᠡᠭᠦᠯᠭᠦ ᠪᠠᠷ ᠵᠥᠪᠰᠢᠶᠡᠷᠡᠪᠡ ᠃ ᠤᠳᠤ ︽ ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︾᠎ ᠢ ᠦᠨᠳᠦᠰᠦᠯᠡᠨ ᠪᠦᠷᠢᠯᠳᠦᠭᠦᠯᠦᠭᠰᠡᠨ ︽ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︾᠎ ᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠬᠢᠨᠠᠨ ᠵᠦᠪᠯᠡᠭᠦᠯᠭᠦ ᠪᠠᠷ ᠳᠡᠪᠰᠢᠭᠦᠯᠪᠡ ᠭᠡᠵᠦ ᠵᠢᠭᠠᠵᠤ ᠭᠠᠷᠭᠠᠪᠠ ᠃      ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠶᠢᠳᠠᠯᠭ᠎ᠠ ᠪᠠᠷ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠰᠢᠶᠣᠣ ᠵᠢᠶᠧ ᠲᠦᠷᠦ ᠶᠢᠨ ᠶᠠᠪᠤᠳᠠᠯ ᠤᠨ ᠬᠤᠷᠢᠶ᠎ᠠ ᠎ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠬᠢᠪᠡ ᠃ ᠰᠢᠶᠣᠣ ᠵᠢᠶᠧ ᠲᠣᠳᠣᠷᠬᠠᠶᠢᠯᠠᠯᠲᠠ ᠳᠠᠭᠠᠨ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠨᠢ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠨᠢᠭᠡᠨ ᠴᠢᠬᠤᠯᠠ ᠡᠭᠦᠷᠭᠡ ᠪᠣᠯᠤᠭᠰᠠᠨ ᠤ ᠬᠤᠪᠢ ᠳᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠂ ᠳ᠋ᠠᠶᠢᠲ᠋ᠠ ᠶᠢᠨ ᠬᠠᠮᠢᠶᠠᠷᠤᠯᠲᠠ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠮᠡᠳᠡᠯᠭᠡ ᠶᠢᠨ ᠥᠮᠴᠢᠯᠡᠯ ᠤᠨ ᠡᠷᠬᠡ ᠂ ᠥᠲᠡᠭᠦᠰ ᠤᠨ ᠠᠵᠢᠯ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠤᠯᠲᠠ ᠬᠢᠵᠦ ᠂ ᠵᠠᠰᠠᠭ ᠤᠨ ᠣᠷᠳᠣᠨ ᠤ ᠡᠭᠦᠷᠭᠡ ᠲᠤᠰᠢᠶᠠᠯ ᠢ ᠬᠤᠪᠢᠷᠠᠭᠤᠯᠤᠨ ᠂ ᠬᠠᠤᠯᠢᠵᠢᠯ ᠤᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠬᠤ ᠪᠣᠯ ᠭᠤᠣᠯᠳᠠᠯᠭ᠎ᠠ ᠪᠣᠯᠣᠨ᠎ᠠ ᠭᠡᠵᠦ ᠵᠢᠭᠠᠵᠤ ᠭᠠᠷᠭᠠᠪᠠ ᠃      ᠡᠨᠡ ᠤᠳᠠᠭᠠᠨ ᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠳᠠᠲᠠᠢ ᠠᠭᠤᠯᠭ᠎ᠠ ᠨᠢ ᠳᠣᠣᠷᠠᠬᠢ ᠮᠡᠲᠦ ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠢ ᠳᠠᠭᠢᠨ ᠰᠢᠨ᠎ᠡ ᠪᠠᠷ ᠪᠠᠶᠢᠭᠤᠯᠤᠨ᠎ᠠ ︔ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢ ᠪᠠᠶᠢᠭᠤᠯᠤᠨ᠎ᠠ ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ︔ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ  ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠤᠭᠢᠷᠠᠭᠤᠯᠤᠨ᠎ᠠ ︔ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠠᠯᠪᠤᠷᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠭᠢᠭᠤᠯᠤᠨ᠎ᠠ ︔ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ ︔ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠤ ᠨᠢᠭᠡᠳᠦᠯᠲᠡᠢ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠨ᠎ᠠ ︔ ᠤᠯᠤᠰ ᠤᠨ ᠳ᠋ᠠᠶᠢᠲ᠋ᠠ ᠶᠢᠨ ᠲᠣᠪᠴᠢᠶ᠎ᠠ ᠶᠢ ᠪᠠᠶᠢᠭᠤᠯᠤᠨ᠎ᠠ ︔ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠦᠨ᠎ᠡ ︔ ᠥᠲᠡᠭᠦᠰ ᠤᠨ ᠠᠵᠢᠯ ᠤᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ ︔ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ ︔ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ  ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠤᠭᠢᠷᠠᠭᠤᠯᠤᠨ᠎ᠠ ︔ ᠲᠥᠪ ᠤᠨ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠤ ᠣᠷᠣᠨ ᠲᠤᠭ᠎ᠠ ᠶᠢ ᠴᠣᠮᠬᠠᠳᠬᠠᠨ᠎ᠠ ᠃ ᠳᠡᠭᠡᠷ᠎ᠡ ᠳᠤᠷᠠᠳᠤᠭᠰᠠᠨ ᠲᠥᠰᠥᠯ ᠶᠣᠰᠣᠭᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠎ ᠶᠢᠨ  ᠠᠯᠪᠠᠨ ᠲᠢᠩᠬᠢᠮ ᠠᠴᠠ ᠭᠠᠳᠠᠨ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠬᠢᠷᠠᠭᠤᠯᠤᠭᠰᠠᠨ  ᠪᠦᠷᠢᠯᠳᠦᠭᠦᠨ ᠰᠠᠯᠠᠭ᠎ᠠ ᠮᠥᠴᠢᠷ ᠮᠥᠨ ᠬᠦ 26 ᠪᠣᠯᠣᠨ᠎ᠠ ᠃      ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠸᠠᠩ ᠨᠢᠩ ᠂ ᠯᠢᠦ ᠢ ᠯᠢᠶᠠᠩ ᠂ ᠯᠢᠦ ᠨᠢᠩ ᠂ ᠯᠢ ᠰᠢᠤ ᠯᠢᠩ ᠂ ᠴᠧᠨ ᠭᠠᠩ ᠂ ᠵᠧᠩ ᠱᠠᠨ ᠵᠢᠶᠧ ᠂ ᠎ ᠨᠢ ᠶᠤᠸᠠᠢ ᠹᠧᠩ ᠂ ᠵᠢᠩ ᠵᠢᠶᠦ᠋ᠨ ᠬᠠᠢ ᠂ ᠯᠧᠦ ᠶᠠᠩ ᠱᠧᠩ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ ᠃

十四届全国人大一次会议举行第二次全体会议

十四届全国人大一次会议举行第二次全体会议

习近平李强赵乐际王沪宁韩正蔡奇丁薛祥李希等在主席

台就座

栗战书作全国人大常委会工作报告

听取和审议最高人民法院工作报告和最高人民检察院工

作报告

听取关于国务院机构改革方案的说明

十四届全国人大一次会议7日下午在北京人民大会堂举行

第二次全体会议,听取和审议全国人大常委会工作报告

和最高人民法院工作报告、最高人民检察院工作报告,听

取关于国务院机构改革方案的说明。

习近平、李强、赵乐际、王沪宁、韩正、蔡奇、丁薛祥、李

希等出席会议。

会议应出席代表2977人,出席2943人,缺席34人,出席人数

符合法定人数。

大会主席团常务主席、执行主席李鸿忠主持会议。

受十三届全国人大常委会委托,栗战书委员长向大会报

告全国人大常委会工作。栗战书在报告中指出,过去一年

,在以习近平同志为核心的党中央坚强领导下,全国人大

常委会认真贯彻党的十九大、二十大精神,坚持高质量做

好立法工作,制定法律5件,修改法律9件,通过有关法律

问题和重大问题的决定4件,作出法律解释1件 ︔坚持高质

量做好监督工作,检查5件法律的实施情况,听取审议

23个监督工作报告,开展专题询问,进行8项专题调研 ︔坚

持高质量做好代表工作,办理代表议案487件、建议9349件

,共有100多人次代表参与常委会、专门委员会、工作委员

会的工作 ︔坚持高质量做好外事工作 ︔依法任免国家机关

工作人员393人次,圆满完成十三届全国人大五次会议确

定的任务。

栗战书在报告中说,十三届全国人大常委会的五年任期

,正逢党和国家事业蓬勃发展的伟大历史变革时期。常委

会深刻领悟“两个确立”的决定性意义,增强“四个意识

”、坚定“四个自信”、做到“两个维护”,始终坚定维护

党中央权威和集中统一领导,坚决贯彻党的理论和路线

方针政策,牢牢把握人大工作正确方向,紧跟党中央重大

决策部署,紧贴人民群众对美好生活的期盼,紧扣推进国

家治理体系和治理能力现代化的需求,贯彻全过程人民

民主重大理念,紧紧依靠全体代表,依法行使立法权、监

督权、决定权、任免权,切实履行党和人民赋予的光荣职

责,努力做到不负党中央重托、不负人民期望的庄严承诺

栗战书在报告中说,五年来,通过宪法修正案,制定法律

47件,修改法律111件次,作出法律解释、有关法律问题和

重大问题的决定决议53件,已经审议尚未通过的法律案、

决定案19件 ︔听取审议182个监督工作报告和其他报告,检

查30件法律和决定实施情况,开展11次专题询问、33项专

题调研 ︔2282件代表议案、43750件代表建议已全部办理完

毕,代表对议案建议办理工作满意度达到98% ︔决定批准

或者加入条约和重要协定36项 ︔依法任免国家机关工作人

员1515人次。主要开展了以下工作:一是全面贯彻实施宪

法,维护宪法权威和尊严 ︔二是完善中国特色社会主义法

律体系,以良法促进发展、保障善治 ︔三是用好宪法赋予

人大的监督权,实行正确监督、有效监督、依法监督 ︔四

是发挥人大代表作用,做到民有所呼、我有所应 ︔五是发

挥人大对外交往优势,服务党和国家外交大局 ︔六是以政

治建设为统领,切实加强常委会自身建设。

栗战书在报告中说,五年的实践,进一步深化了我们对人

民代表大会制度科学内涵、基本特征和本质要求的认识

,这就是:必须坚持中国共产党的领导,必须坚持习近平

新时代中国特色社会主义思想,必须坚持中国特色社会

主义政治发展道路,必须坚持全过程人民民主重大理念

,必须坚持人民代表大会制度,必须坚持宪法确立的国家

根本任务、发展道路、奋斗目标。

在对今后一年工作的建议中,栗战书指出,2023年是全面

贯彻落实党的二十大精神的开局之年,常委会工作一是

做好宪法实施和立法工作 ︔二是增强人大监督实效 ︔三是

提升代表工作水平 ︔四是做好人大对外交往 ︔五是加强常

委会自身建设。

最高人民法院院长周强在最高人民法院工作报告中指出

,2022年,全国法院各项工作稳中有进。最高人民法院受

理案件18547件,审结13785件 ︔地方各级人民法院和专门人

民法院受理案件3370.4万件,审结、执结3081万件,结案标

的额9.9万亿元。

周强在报告中表示,五年来,最高人民法院坚持以习近平

新时代中国特色社会主义思想为指导,深入贯彻习近平

法治思想,全面贯彻党的十九大和十九届历次全会精神

,认真学习贯彻党的二十大精神,忠实履行宪法法律赋予

的职责,推动人民法院工作实现新变革新发展。一是坚决

维护国家安全、社会安定、人民安宁 ︔二是依法服务构建

新发展格局、推动高质量发展 ︔三是坚持走好中国特色司

法为民之路 ︔四是坚决守住维护社会公平正义的最后一

道防线 ︔五是司法体制改革和智慧法院建设取得重大进

展 ︔六是锻造忠诚干净担当的法院铁军。

在报告中,周强从5个方面对2023年工作提出建议:以习近

平法治思想为指引,坚定不移走中国特色社会主义法治

道路 ︔更好统筹发展和安全,依法服务高水平安全和高质

量发展 ︔坚持以人民为中心,扎实推进司法为民、公正司

法 ︔深化司法体制改革,加快推进审判体系和审判能力现

代化 ︔坚持全面从严治党、从严治院,加强法院队伍建设

最高人民检察院检察长张军在最高人民检察院工作报告

中指出,五年来,在以习近平同志为核心的党中央坚强领

导下,在全国人大及其常委会有力监督下,最高人民检察

院创新构建刑事、民事、行政、公益诉讼“四大检察”新格

局,践行人民至上,能动履行宪法法律赋予的法律监督职

责,人民检察事业实现新的跨越发展。2018年至2022年,全

国检察机关共办理各类案件1733.6万件,比前五年上升

40%。与2018年相比,2022年受理审查起诉案件上升2.8%,办

理民事、行政、公益诉讼案件分别上升1.5倍、3.3倍和72.

6%。

在报告中,张军从6个方面回顾过去五年工作:一是维护

安全稳定,以能动检察助力中国之治 ︔二是聚焦服务大局

,以能动检察促推高质量发展 ︔三是坚持司法为民,以能

动检察保障民生福祉 ︔四是加强诉讼监督,以能动检察维

护司法公正 ︔五是拓展公益诉讼,以能动检察守护公共利

益 ︔六是坚持从严治检,以能动检察锤炼过硬队伍。

张军在报告中对2023年工作提出建议:一是深入学习贯彻

习近平新时代中国特色社会主义思想 ︔二是坚决维护国

家安全和社会稳定 ︔三是充分运用法治力量服务高质量

发展 ︔四是提升法律监督能力 ︔五是深化司法体制综合配

套改革 ︔六是建设堪当重任的检察铁军。

国务院总理李克强提请审议的国务院机构改革方案的议

案指出,中国共产党第二十次全国代表大会对深化机构

改革作出重要部署。党的二十届二中全会审议通过了《党

和国家机构改革方案》,同意将其中涉及国务院机构改革

的内容提交第十四届全国人民代表大会第一次会议审议

。现将根据《党和国家机构改革方案》形成的《国务院机

构改革方案》提请第十四届全国人民代表大会第一次会

议审议。

受国务院委托,国务委员兼国务院秘书长肖捷作关于国

务院机构改革方案的说明。肖捷在说明中指出,国务院机

构改革作为党和国家机构改革的一项重要任务,重点是

加强科学技术、金融监管、数据管理、乡村振兴、知识产

权、老龄工作等重点领域的机构职责优化和调整,转变政

府职能,加快建设法治政府。

这次国务院机构改革的具体内容如下:重新组建科学技

术部 ︔组建国家金融监督管理总局 ︔深化地方金融监管体

制改革 ︔中国证券监督管理委员会调整为国务院直属机

构 ︔统筹推进中国人民银行分支机构改革 ︔完善国有金融

资本管理体制 ︔加强金融管理部门工作人员统一规范管

理 ︔组建国家数据局 ︔优化农业农村部职责 ︔完善老龄工

作体制 ︔完善知识产权管理体制 ︔国家信访局调整为国务

院直属机构 ︔精减中央国家机关人员编制。按照上述方案

调整后,除国务院办公厅外,国务院设置组成部门仍为

26个。

大会执行主席王宁、刘艺良、刘宁、李秀领、陈刚、郑栅洁

、倪岳峰、景俊海、楼阳生在主席台执行主席席就座。

 

 

 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2