ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠠᠮᠢᠶᠠᠷᠤᠯᠲᠠ ᠶᠢᠨ ᠶᠠᠪᠤᠳᠠᠯ ᠤᠨ ᠲᠣᠪᠴᠢᠶ᠎ᠠ ︽ᠭᠤᠷᠪᠠ ᠶᠢ ᠴᠢᠩᠭᠠᠳᠬᠠᠬᠤ︾᠎ ᠪᠠᠷ ᠳᠠᠮᠵᠢᠭᠤᠯᠤᠨ‌ᠠᠰᠠᠷᠠᠮᠵᠢ ᠶᠢᠨ ᠪᠡᠯᠡ ᠮᠥᠩᠭᠦ ᠲᠠᠷᠬᠠᠭᠠᠬᠤ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2023/3/9
      ᠤᠯᠤᠰ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠠᠰᠠᠷᠠᠨ ᠬᠠᠷᠠᠭᠠᠯᠵᠠᠬᠤ ᠪᠠᠯᠠ ᠮᠥᠩᠭᠦ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ᠂ ᠣᠨᠣᠪᠴᠢᠲᠠᠶ ᠣᠯᠭᠤᠬᠤ ᠶᠢ ᠪᠠᠲᠤᠯᠠᠵᠤ᠂ ᠠᠰᠠᠷᠠᠨ ᠬᠠᠷᠠᠭᠠᠯᠵᠠᠬᠤ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠵᠢᠨᠢᠩ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ  ᠬᠠᠮᠢᠶᠠᠷᠤᠯᠲᠠ ᠶᠢᠨ ᠶᠠᠪᠤᠳᠠᠯ ᠤᠨ ᠲᠣᠪᠴᠢᠶ᠎ᠠ ᠠᠴᠠ ︽ᠭᠤᠷᠪᠠ ᠶᠢ ᠴᠢᠩᠭᠠᠳᠬᠠᠬᠤ︾᠎ ᠪᠠᠷ ᠳᠠᠮᠵᠢᠭᠤᠯᠤᠨ ᠠᠰᠠᠷᠠᠨ ᠬᠠᠷᠠᠭᠠᠯᠵᠠᠬᠤ ᠨᠥᠬᠦᠪᠥᠷᠢ ᠶᠢᠨ ᠪᠠᠯᠠ ᠮᠥᠩᠭᠦ ᠣᠯᠭᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃     ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠶᠯᠡᠴᠢᠯᠡᠭᠡᠨ ᠤ ᠥᠷᠲᠡᠭᠡ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ᠂ ᠡᠷᠦᠬᠡ ᠳᠤ ᠬᠦᠷᠴᠦ ᠰᠤᠷᠪᠤᠯᠵᠢᠯᠠᠨ ᠪᠠᠶᠢᠴᠠᠭᠠᠬᠤ᠂ ᠤᠲᠠᠰᠤ ᠪᠠᠷ ᠬᠠᠷᠢᠯᠴᠠᠵᠤ ᠨᠤᠲᠠᠯᠠᠬᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠬᠠᠷᠢᠴᠠᠭᠤᠯᠤᠯ ᠵᠡᠷᠭᠡ ᠠᠯᠢ ᠣᠯᠠᠨ ᠠᠵᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠠᠷ᠎ᠠ ᠪᠦᠷᠢ ᠶᠢᠨ ᠰᠢᠨ᠎ᠡ ᠪᠠᠷ ᠨᠡᠮᠡᠭᠳᠡᠭᠰᠡᠨ ᠬᠥᠮᠦᠨ᠂ ᠠᠶᠠᠨᠳᠠᠭᠠᠨ ᠬᠠᠰᠤᠭᠳᠠᠭᠰᠠᠨ ᠬᠥᠮᠦᠨ ᠵᠢᠴᠢ ᠠᠰᠠᠷᠠᠨ ᠬᠠᠷᠠᠭᠠᠯᠵᠠᠬᠤ ᠡᠲᠡᠭᠡᠳ ᠤᠨ ᠲᠣᠰ ᠪᠡᠶ᠎ᠡ ᠶᠢᠨ ᠪᠠᠶᠢᠳᠠᠯ ᠳᠤ ᠬᠤᠪᠢᠷᠠᠯᠲᠠ ᠭᠠᠷᠪᠠᠯ᠂ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃ ᠰᠠᠭᠤᠷᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠪᠥᠬᠦ ᠲᠠᠯ᠎ᠠ ᠶᠢᠨ᠂ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ  ᠬᠡᠷᠡᠭᠲᠡᠢ᠃    ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ ᠴᠢᠩᠭᠠᠳᠬᠠᠨ᠎ᠠ᠃  ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠠᠰᠠᠷᠠᠨ ᠬᠠᠷᠠᠭᠠᠯᠵᠠᠬᠤ ᠡᠲᠡᠭᠡᠳ ᠵᠢᠴᠢ ᠪᠠᠷᠢᠮᠵᠢᠶ᠎ᠠ ᠶᠢ ᠬᠢᠨᠠᠨ ᠲᠣᠭᠲᠠᠭᠠᠵᠤ᠂ ᠠᠰᠠᠷᠠᠨ ᠬᠠᠷᠠᠭᠠᠯᠵᠠᠬᠤ ᠨᠥᠬᠦᠪᠥᠷᠢ ᠶᠢᠨ ᠪᠠᠯᠠ ᠮᠥᠩᠭᠦ ᠶᠢ ᠨᠡᠶᠢᠭᠡᠮᠴᠢᠯᠡᠨ ᠣᠯᠭᠤᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠠᠯᠠ ᠮᠥᠩᠭᠦ ᠣᠯᠭᠤᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠠᠰᠠᠷᠠᠨ ᠬᠠᠷᠠᠭᠠᠯᠵᠠᠬᠤ ᠡᠲᠡᠭᠡᠳ ᠤᠨ ᠨᠥᠬᠦᠪᠥᠷᠢ ᠶᠢᠨ ᠪᠠᠯᠠ ᠮᠥᠩᠭᠦ ᠶᠢ ᠰᠠᠷ᠎ᠠ ᠪᠦᠷᠢ ᠣᠯᠭᠤᠬᠤ ᠶᠢ ᠦᠨᠡᠨᠬᠦ ᠪᠠᠲᠤᠯᠠᠨ᠎ᠠ᠃     ᠪᠡᠯᠡ ᠮᠥᠩᠭᠦ ᠶᠢᠨ ᠲᠠᠷᠬᠠᠭᠠᠯᠲᠠ ᠶᠢ ᠴᠢᠩᠭᠠᠳᠬᠠᠨ᠎ᠠ᠃ ᠠᠰᠠᠷᠠᠮᠵᠢ  ᠶᠢᠨ ᠨᠦᠬᠦᠪᠦᠷᠢ ᠶᠢᠨ ᠪᠡᠯᠡ ᠮᠦᠩᠭᠦ ᠶᠢᠨ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ᠂ ᠰᠢᠨᠵᠢᠯᠡᠬᠦ ᠤᠬᠠᠭᠠᠨᠴᠢ ᠪᠠᠷ  ᠬᠠᠮᠢᠶᠠᠷᠬᠤ  ᠬᠢᠨᠠᠯᠲᠠ ᠲᠠᠯᠪᠢᠬᠤ ᠶᠢ ᠴᠢᠩᠭᠠᠳᠬᠠᠬᠤ ᠶᠢ  ᠪᠠᠷᠢᠮᠳᠠᠯᠠᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ᠂ ᠵᠢᠷᠤᠮᠵᠢᠯ ᠲᠠᠢ᠂ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃ ᠡᠨᠡ ᠵᠢᠯ ᠤᠨ 1-3 ᠰᠠᠷ᠎ᠠ ᠳᠤ ᠨᠡᠶᠢᠲᠡ 483 ᠲᠦᠮᠡᠨ ᠲᠥᠭᠦᠷᠢᠭ ᠤᠨ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠶᠢᠨ ᠨᠥᠬᠦᠪᠥᠷᠢ ᠮᠥᠩᠭᠦ ᠲᠠᠷᠬᠠᠭᠠᠵᠤ᠂ 1875 ᠬᠥᠮᠦᠨ ᠤᠳᠠᠭ᠎ᠠ ᠠᠰᠠᠷᠠᠨ ᠬᠠᠷᠠᠭᠠᠯᠵᠠᠬᠤ ᠡᠲᠡᠭᠡᠳ ᠲᠤ ᠠᠰᠢᠭ ᠬᠦᠷᠲᠡᠭᠡᠪᠡ᠃                        ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠎ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2