ᠵᠢᠨᠢᠩ ᠲᠣᠭᠤᠷᠢᠭ ᠤᠨ ᠠᠷᠠᠳ ᠤᠨ ᠵᠠᠰᠠᠭ ‍ᠤᠨ‌ᠤᠷᠳᠤᠨ ᠤ ︽ᠵᠢᠨᠢᠩ ᠲᠣᠭᠤᠷᠢᠭ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠠᠵᠢᠯ ᠤᠨ ᠬᠡᠷᠡᠭᠵᠢᠭᠦᠯᠬᠦ ᠲᠥᠰᠦᠯ︾  ᠤᠨ ᠮᠡᠳᠡᠭᠳᠡᠯ
ᠨᠡᠶᠢᠲᠡᠯᠡᠭᠰᠡᠨ ᠴᠠᠭ᠄
2023/4/10
          ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ  ᠨᠢᠭᠡᠴᠢ  ᠳᠤ᠄         ︽ᠵᠢᠨᠢᠩ ᠲᠣᠭᠤᠷᠢᠭ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠮᠠᠨ ᠤ  ᠲᠤᠭᠤᠷᠢᠭ ᠤᠨ  ᠪᠣᠳᠠᠲᠠᠶ ᠠᠵᠢᠯ ᠲᠠᠢ ᠪᠠᠨ ᠤᠶᠠᠯᠳᠤᠭᠤᠯᠤᠨ᠂ ᠵᠢᠷᠤᠮᠯᠠᠨ ᠬᠡᠷᠡᠭᠵᠢᠭᠦᠯᠲᠦᠭᠡᠶ᠃                                   ᠣᠨᠴᠠᠭᠠᠶᠢᠯᠠᠨ ᠮᠡᠳᠡᠭᠳᠡᠪᠡ                                   2023 ᠣᠨ ᠤ 3 ᠰᠠᠷ᠎ᠠ ᠶᠢᠨ 9 ᠤ ᠡᠳᠦᠷᠵᠢᠨᠢᠩ ᠲᠣᠭᠤᠷᠢᠭ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ       ᠮᠠᠨ ᠤ ᠲᠤᠭᠤᠷᠢᠭ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠳᠣᠭᠢᠷᠠᠭᠤᠯᠤᠨ ᠲᠦᠷᠢᠶᠡᠰᠦᠯᠡᠭᠦᠯᠬᠦ ᠬᠠᠮᠢᠶᠠᠷᠤᠯᠲᠠ ᠶᠢ ᠴᠢᠩᠭᠠᠳᠬᠠᠵᠤ᠂ ᠰᠢᠯᠵᠢᠭᠦᠯᠦᠨ ᠲᠦᠷᠢᠶᠡᠰᠦᠯᠡᠭᠦᠯᠬᠦ᠂ ᠰᠢᠯᠵᠢᠭᠦᠯᠦᠨ ᠵᠢᠭᠡᠯᠡᠭᠦᠯᠬᠦ᠂ ᠰᠤᠯᠠ ᠲᠠᠯᠪᠢᠬᠤ᠂ ᠲᠦᠷᠢᠶᠡᠰᠦᠨ ᠮᠥᠩᠭᠦ ᠶᠢ ᠣᠷᠳᠣ ᠬᠤᠭᠤᠴᠠᠭ᠎ᠠ ᠪᠠᠷ ᠥᠷᠢᠲᠦᠬᠦ ᠵᠡᠷᠭᠡ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠬᠤ ᠶᠢᠨ ᠲᠤᠰᠠᠳᠠ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠠᠬᠢᠭᠤᠯᠤᠨ᠎ᠠ᠃ ︽ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 11 ᠳ᠋ᠦ᠋ᠭᠡᠷ ᠲᠣᠭᠠᠲᠤ︶ ︽ᠤᠯᠠᠭᠠᠨᠴᠠᠪ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠨᠢᠭᠡᠳᠬᠡᠬᠦ ᠬᠠᠮᠢᠶᠠᠷᠤᠯᠲᠠ ᠶᠢᠨ ᠠᠷᠭ᠎ᠠ︾ ︵ᠤᠯᠠᠭᠠᠨᠴᠠᠪ ᠲᠠᠷᠬᠠᠭᠠᠭᠰᠠᠨ ︹ 2015 ︺ 13 ᠳ᠋ᠤᠭᠠᠷ ᠲᠣᠭᠠᠲᠤ︶ ᠵᠢᠴᠢ ︽ᠵᠢᠨᠢᠩ ᠲᠣᠭᠤᠷᠢᠭ ᠤᠨ ᠬᠢᠮᠳᠠ ᠲᠦᠷᠢᠶᠡᠰᠦᠨ ᠣᠷᠣᠨ ᠰᠠᠭᠤᠴᠠ ᠪᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠨᠢᠭᠡᠳᠬᠡᠬᠦ ᠬᠠᠮᠢᠶᠠᠷᠤᠯᠲᠠ ᠶᠢᠨ ᠠᠷᠭ᠎ᠠ︾ ︵  ᠵᠢᠨᠢᠩ ᠵᠠᠰᠠᠭ ︹ 2015 ︺ 263 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠥᠬᠦ  ᠲᠤᠭᠤᠷᠢᠭ ᠤᠨ ᠬᠡᠪᠴᠢᠶᠡᠨ ᠳᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠢᠯᠭᠠᠷᠠᠭᠤᠯᠤᠨ ᠴᠡᠭᠴᠡᠯᠡᠬᠦ ᠠᠵᠢᠯ ᠢ ᠥᠷᠨᠢᠭᠦᠯᠬᠦ ᠪᠠᠷ ᠲᠣᠭᠲᠠᠪᠠ᠃ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃          ᠨᠢᠭᠡ᠂ ᠢᠯᠭᠠᠷᠠᠭᠤᠯᠤᠨ ᠪᠠᠶᠢᠴᠠᠭᠠᠬᠤ ᠬᠦᠷᠢᠶ᠎ᠡ ᠬᠡᠪᠴᠢᠶ᠎ᠡ         ᠨᠢᠭᠡᠨᠲᠡ ᠬᠤᠪᠢᠶᠠᠷᠢᠯᠠᠨ ᠰᠠᠭᠤᠯᠭᠠᠭᠰᠠᠨ ᠵᠢᠶᠠ ᠾᠧ ᠰᠢᠨ ᠶᠤᠸᠠᠨ᠂ ᠵᠢᠶᠠᠩ ᠳ᠋ᠦᠩ ᠵᠢᠶᠦ᠋ᠨ᠂ ᠾᠧ ᠱᠦᠨ᠂ ᠪᠢ ᠬᠠᠶ ᠵᠡᠷᠭᠡ 16  ᠰᠠᠭᠤᠭᠠᠯᠢ ᠲᠣᠭᠤᠷᠢᠭ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ︵ᠳᠣᠷᠣᠭᠰᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠭᠡᠵᠦ ᠲᠣᠪᠴᠢᠯᠠᠨ᠎ᠠ︶ ᠶᠢᠨ ᠲᠦᠷᠢᠶᠡᠰᠦᠯᠡᠭᠰᠡᠨ ᠡᠷᠦᠬᠡ᠃         ᠬᠤᠶᠠᠷ᠂ ᠢᠯᠭᠠᠷᠠᠭᠤᠯᠤᠨ ᠪᠠᠶᠢᠴᠠᠭᠠᠭᠰᠠᠨ ᠴᠠᠭ        2023 ᠣᠨ ᠤ 3 ᠰᠠᠷ᠎ᠠ ᠶᠢᠨ 14 ᠤ ᠡᠳᠦᠷ ᠠᠴᠠ 2023 ᠣᠨ ᠤ 4 ᠰᠠᠷ᠎ᠠ ᠶᠢᠨ 30 ᠤ ᠡᠳᠦᠷ         ᠭᠤᠷᠪᠠ᠂ ᠢᠯᠭᠠᠷᠠᠭᠤᠯᠤᠨ ᠪᠠᠶᠢᠴᠠᠭᠠᠭᠰᠠᠨ ᠠᠭᠤᠯᠭ᠎ᠠ     ︵ᠨᠢᠭᠡ︶ ᠲᠦᠷᠢᠶᠡᠰᠦᠯᠡᠵᠦ ᠪᠠᠶᠢᠭ᠎ᠠ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢ ᠰᠢᠯᠵᠢᠭᠦᠯᠦᠨ ᠥᠭᠬᠦ᠂ ᠵᠢᠭᠡᠯᠡᠭᠦᠯᠬᠦ᠂ ᠰᠢᠯᠵᠢᠭᠦᠯᠦᠨ ᠲᠦᠷᠢᠶᠡᠰᠦᠯᠡᠭᠦᠯᠬᠦ ᠪᠤᠶᠤ ᠳᠤᠷ᠎ᠠ ᠪᠠᠷ ᠢᠶᠠᠨ ᠰᠣᠯᠢᠬᠤ ᠃      ︵ᠬᠤᠶᠠᠷ︶ ᠲᠦᠷᠢᠶᠡᠰᠦᠯᠡᠵᠦ ᠪᠠᠶᠢᠭ᠎ᠠ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠬᠡᠷᠡᠭᠴᠡᠭᠡ ᠶᠢ ᠬᠤᠪᠢᠷᠠᠭᠤᠯᠬᠤ ᠃         ︵ᠭᠤᠷᠪᠠ︶ ᠲᠦᠷᠢᠶᠡᠰᠦᠯᠡᠵᠦ ᠪᠠᠶᠢᠭ᠎ᠠ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠢ ᠡᠪᠳᠡᠬᠦ ᠪᠤᠶᠤ ᠳᠤᠷ᠎ᠠ ᠪᠠᠷ ᠢᠶᠠᠨ ᠵᠠᠰᠠᠨ ᠴᠢᠮᠡᠭᠯᠡᠵᠦ᠂ ᠤᠤᠯ ᠤᠨ ᠪᠠᠶᠢᠳᠠᠯ ᠢ ᠨᠢ ᠰᠡᠷᠭᠦᠭᠡᠬᠦ ᠶᠢ ᠲᠡᠪᠴᠢᠭᠰᠡᠨ ᠃       ︵ᠲᠦᠷᠪᠡ︶ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠳᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ ᠃        ︵ᠲᠠᠪᠤ︶ ᠵᠦᠶ ᠶᠣᠰᠣᠨ ᠤ ᠰᠢᠯᠲᠠᠭᠠᠨ ᠥᠬᠡᠶ ᠪᠠᠷ ᠣᠯᠠᠨ ᠨᠡᠶᠢᠲᠡ ᠶᠢᠨ ᠲᠦᠷᠢᠶᠡᠰᠦᠯᠡᠯ ᠤᠨ ᠬᠡᠷ ᠪᠠᠶᠢᠰᠢᠩ ᠢ 6 ᠰᠠᠷ᠎ᠠ ᠠᠴᠠ ᠳᠡᠭᠡᠭᠰᠢ ᠰᠤᠯᠠ ᠪᠠᠶᠢᠯᠭᠠᠭᠰᠠᠨ ᠪᠠᠶᠢᠬᠤ ᠃       ︵ᠵᠢᠷᠭᠤᠭ᠎ᠠ︶ ᠲᠦᠷᠢᠶᠡᠰᠦᠯᠡᠭᠴᠢ ᠵᠦᠢ ᠶᠣᠰᠣᠨ ᠤ ᠰᠢᠯᠲᠠᠭᠠᠨ ᠤᠶᠢᠭᠡᠢ ᠪᠠᠷ ᠨᠡᠶᠢᠳᠠ 6 ᠰᠠᠷ᠎ᠠ ᠠᠴᠠ ᠳᠡᠭᠡᠭᠰᠢ ᠬᠤᠭᠤᠴᠠᠭ᠎ᠠ ᠲᠠᠢ ᠪᠠᠷ ᠲᠦᠷᠢᠶᠡᠰᠦᠨ ᠮᠥᠩᠭᠦ ᠶᠢ ᠥᠷᠢᠲᠦᠵᠦ ᠤᠳᠠᠭᠠᠰᠢᠷᠠᠭᠤᠯᠤᠭᠰᠠᠨ ᠃     ︵ᠲᠤᠯᠤᠭ᠎ᠠ︶ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ᠂ ᠮᠡᠬᠡᠯᠡᠬᠦ ᠵᠡᠷᠭᠡ ᠲᠥᠪ ᠪᠤᠰᠤ ᠠᠷᠭ᠎ᠠ ᠪᠠᠷᠢᠯ ᠢᠶᠠᠷ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢ ᠣᠯᠤᠭᠰᠠᠨ ᠃      ︵  ᠨᠠᠢᠮᠠ︶ ᠬᠤᠪᠢᠶᠠᠷᠢᠯᠠᠭᠰᠠᠨ ᠤ ᠳᠠᠷᠠᠭ᠎ᠠ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠴᠡᠯ ᠳᠤ ᠳᠠᠭᠢᠵᠤ ᠨᠡᠶᠢᠴᠡᠬᠦ ᠥᠬᠡᠶ ᠪᠣᠯᠤᠭᠰᠠᠨ ᠢ ᠪᠠᠶᠢᠴᠠᠭᠠᠨ ᠳᠣᠲᠣᠯᠠᠪᠠ᠃           ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ          ︵ᠨᠢᠭᠡ︶ ᠳᠣᠭᠢᠷᠠᠭᠤᠯᠤᠨ ᠪᠠᠶᠢᠷᠢᠯᠠᠭᠤᠯᠬᠤ ᠱᠠᠲᠤ ᠦᠶ᠎ᠡ ︵3 ᠳ᠋ᠤᠭᠠᠷ ᠰᠠᠷ᠎ᠠ ᠶᠢᠨ 14 ᠤ ᠡᠳᠦᠷ — 3 ᠳ᠋ᠤᠭᠠᠷ ᠰᠠᠷ᠎ᠠ ᠶᠢᠨ 16 ᠤ ᠡᠳᠦᠷ︶         ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠵᠣᠷᠢᠭ ᠰᠠᠨᠠᠭ᠎ᠠ ᠪᠣᠯᠤᠨ ᠬᠡᠷᠡᠭᠵᠢᠭᠦᠯᠬᠦ ᠲᠥᠰᠦᠯ ᠢ ᠤᠯᠠᠮᠵᠢᠯᠠᠵᠤ᠂ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠶᠯᠡᠴᠢᠯᠡᠭᠡᠨ ᠤ ᠲᠥᠪ ᠨᠢ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠸᠢᠴᠠᠲ ᠤᠨ ᠨᠡᠶᠢᠲᠡ ᠶᠢᠨ ᠳ᠋ᠤᠭᠠᠷ᠂ ᠬᠠᠮ ᠵᠠᠭᠤᠴᠢᠯᠠᠭᠤᠷ ᠤᠨ ᠲᠥᠪ ᠪᠠ ᠣᠯᠠᠨ ᠨᠡᠶᠢᠲᠡ ᠶᠢᠨ ᠲᠦᠷᠢᠶᠡᠰᠦᠨ ᠬᠡᠷ ᠤᠨ  ᠰᠠᠭᠤᠭᠠᠯᠢ ᠲᠣᠭᠤᠷᠢᠭ ᠲᠤ ᠠᠯᠪᠠᠨ ᠵᠠᠷ ᠨᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠨᠡᠶᠢᠲᠡ ᠳᠤ ᠣᠯᠠᠨ ᠨᠡᠶᠢᠲᠡ ᠶᠢᠨ ᠲᠦᠷᠢᠶᠡᠰᠦᠨ ᠬᠡᠷ ᠢ ᠢᠯᠭᠠᠷᠠᠭᠤᠯᠤᠨ ᠪᠠᠶᠢᠴᠠᠭᠠᠵᠤ ᠵᠠᠰᠠᠬᠤ ᠠᠵᠢᠯ ᠤᠨ ᠲᠣᠬᠢᠷᠠᠭᠤᠯᠤᠯᠲᠠ ᠶᠢ ᠢᠯᠡ ᠪᠣᠯᠭᠠᠨ᠎ᠠ᠃         ︵ᠬᠤᠶᠠᠷ︶ ᠢᠯᠭᠠᠷᠠᠭᠤᠯᠤᠨ ᠪᠠᠶᠢᠴᠠᠭᠠᠵᠤ ᠵᠠᠰᠠᠬᠤ ᠱᠠᠲᠤ ᠦᠶ᠎ᠡ ︵3 ᠳ᠋ᠤᠭᠠᠷ ᠰᠠᠷ᠎ᠠ ᠶᠢᠨ 17 ᠤ ᠡᠳᠦᠷ — 4   ᠳ᠋ᠦ᠋ᠭᠡᠷ ᠰᠠᠷ᠎ᠠ ᠶᠢᠨ 16 ᠤ ᠡᠳᠦᠷ︶       1. ᠡᠯ᠎ᠡ ᠠᠵᠢᠯᠯᠠᠬᠤ ᠳᠤᠭᠤᠶᠢᠯᠠᠩ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠤᠮᠳᠠ ᠰᠢᠯᠵᠢᠭᠦᠯᠦᠨ ᠥᠭᠬᠦ᠂ ᠰᠢᠯᠵᠢᠭᠦᠯᠦᠨ ᠲᠦᠷᠢᠶᠡᠰᠦᠯᠡᠭᠦᠯᠬᠦ᠂ ᠰᠢᠯᠵᠢᠭᠦᠯᠦᠨ ᠵᠢᠭᠡᠯᠡᠭᠦᠯᠬᠦ ᠂ ᠬᠡᠷᠡᠭᠯᠡᠯᠲᠡ ᠶᠢᠨ ᠬᠡᠷᠡᠭᠴᠡᠭᠡ ᠶᠢ ᠬᠤᠪᠢᠷᠠᠭᠤᠯᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ ᠢᠳᠬᠠᠨ ᠴᠡᠭᠴᠡᠯᠡᠨ ᠰᠠᠶᠢᠵᠢᠷᠠᠭᠤᠯᠤᠨ᠎ᠠ ᠃       2. ᠬᠢᠨᠠᠨ ᠪᠠᠶᠢᠴᠠᠭᠠᠬᠤ ᠪᠠᠷ ᠳᠡᠮᠵᠢᠨ᠂ ᠣᠷᠣᠵᠤ ᠰᠠᠭᠤᠬᠤ ᠨᠥᠬᠦᠴᠡᠯ ᠳᠤ ᠨᠡᠶᠢᠴᠡᠬᠦ ᠥᠬᠡᠶ ᠰᠠᠭᠤᠭᠠᠯᠢ ᠡᠷᠦᠬᠡ ᠶᠢ ᠢᠳᠬᠠᠵᠤ ᠪᠠᠶᠢᠭᠠᠳ ᠨᠡᠶᠢᠲᠡ ᠶᠢᠨ ᠲᠦᠷᠢᠶᠡᠰᠦᠨ ᠤ ᠬᠡᠷ ᠪᠠᠶᠢᠰᠢᠩ ᠢ ᠰᠠᠨᠠᠭᠠᠴᠢᠯᠠᠭ᠎ᠠ ᠠᠴᠠ ᠪᠠᠨ ᠪᠤᠴᠠᠭᠠᠬᠤ ᠶᠢᠨ ᠬᠠᠮᠲᠤ ᠬᠡᠷ ᠪᠠᠶᠢᠰᠢᠩ ᠤᠨ ᠲᠦᠷᠢᠶᠡᠰᠦᠨ ᠤ ᠰᠦᠶᠳᠬᠡᠯ᠂ ᠠᠳᠠᠯ ᠠᠬᠤᠶ ᠶᠢᠨ ᠰᠦᠶᠳᠬᠡᠯ ᠢ ᠲᠡᠰᠦᠯᠦᠨ ᠪᠤᠳᠤᠵᠤ ᠳᠠᠭᠤᠰᠬᠠᠨ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷ ᠪᠠᠶᠢᠰᠢᠩ ᠢ ᠪᠤᠴᠠᠭᠠᠬᠤ ᠭᠠᠷᠳᠠᠮ ᠢ ᠭᠦᠶᠴᠡᠳᠬᠡᠨ᠎ᠡ ᠃      3. ᠬᠡᠷ ᠪᠠᠶᠢᠰᠢᠩ ᠤᠨ ᠬᠡᠷᠡᠭᠴᠡᠭᠡ ᠶᠢ ᠲᠣᠭᠲᠠᠭᠠᠯ ᠠᠴᠠ ᠵᠥᠷᠢᠴᠡᠨ ᠬᠤᠪᠢᠷᠠᠭᠤᠯᠵᠤ᠂ ᠲᠦᠷᠢᠶᠡᠰᠦᠯᠡᠵᠦ ᠪᠠᠶᠢᠭ᠎ᠠ ᠨᠡᠶᠢᠲᠡ ᠶᠢᠨ ᠲᠦᠷᠢᠶᠡᠰᠦᠯᠡᠯ ᠤᠨ ᠬᠡᠷ ᠪᠠᠶᠢᠰᠢᠩ ᠢ ᠡᠪᠳᠡᠬᠦ ᠪᠤᠶᠤ ᠳᠤᠷ᠎ᠠ ᠪᠠᠷ ᠢᠶᠠᠨ ᠵᠠᠰᠠᠨ ᠴᠢᠮᠡᠭᠯᠡᠵᠦ᠂ ᠨᠡᠶᠢᠲᠡ ᠶᠢᠨ ᠲᠦᠷᠢᠶᠡᠰᠦᠯᠡᠯ ᠤᠨ ᠬᠡᠷ ᠪᠠᠶᠢᠰᠢᠩ ᠢ ᠳᠤᠷ᠎ᠠ ᠪᠠᠷ ᠢᠶᠠᠨ ᠰᠣᠯᠢᠵᠤ ᠪᠠᠶᠢᠭ᠎ᠠ ᠰᠠᠭᠤᠭᠠᠯᠢ ᠡᠷᠦᠬᠡ ᠳᠤ᠂ ᠲᠦᠷᠢᠶᠡᠰᠦᠯᠡᠯ ᠤᠨ ᠡᠷᠦᠬᠡ ᠶᠢ ᠢᠳᠬᠠᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠵᠤ ᠬᠡᠷ ᠪᠠᠶᠢᠰᠢᠩ ᠤᠨ ᠤᠤᠯ ᠤᠨ ᠪᠠᠶᠢᠳᠠᠯ ᠢ ᠨᠢ ᠰᠡᠷᠭᠦᠭᠡᠯᠭᠡᠨ᠎ᠡ ᠃      4.ᠲᠦᠷᠢᠶᠡᠰᠦᠨ ᠮᠥᠩᠭᠦ ᠥᠷᠢᠲᠦᠵᠦ ᠪᠠᠶᠢᠭ᠎ᠠ ᠲᠦᠷᠢᠶᠡᠰᠦᠯᠡᠭᠴᠢ ᠶᠢ ᠢᠳᠬᠠᠵᠤ ᠪᠠᠶᠢᠭᠠᠳ ᠥᠷᠢᠲᠦᠵᠦ ᠪᠠᠶᠢᠭ᠎ᠠ ᠲᠦᠷᠢᠶᠡᠰᠦᠨ ᠮᠥᠩᠭᠦ ᠶᠢ ᠨᠢ ᠲᠣᠭᠲᠠᠭᠰᠠᠨ ᠬᠤᠭᠤᠴᠠᠭᠠᠨ ᠤ ᠳᠣᠲᠣᠷ᠎ᠠ ᠨᠥᠬᠦᠵᠦ ᠲᠤᠰᠢᠶᠠᠯᠭᠠᠨ᠎ᠠ᠃       ︵ᠭᠤᠷᠪᠠ︶ ᠢᠯᠭᠠᠷᠠᠭᠤᠯᠤᠨ ᠴᠡᠭᠴᠡᠯᠡᠬᠦ ᠱᠠᠳᠤ ᠦᠶ᠎ᠡ ︵4  ᠳ᠋ᠦ᠋ᠭᠡᠷ ᠰᠠᠷ᠎ᠠ ᠶᠢᠨ 17  ᠤ ᠡᠳᠦᠷ - 4 ᠳ᠋ᠦ᠋ᠭᠡᠷ ᠰᠠᠷ᠎ᠠ ᠶᠢᠨ 30  ᠤ ᠡᠳᠦᠷ︶     1. ᠢᠯᠭᠠᠷᠠᠭᠤᠯᠤᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠲᠦᠷᠢᠶᠡᠰᠦᠯᠡᠵᠦ ᠪᠠᠶᠢᠭ᠎ᠠ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠢ ᠰᠢᠯᠵᠢᠭᠦᠯᠦᠨ ᠵᠢᠭᠡᠯᠡᠭᠦᠯᠬᠦ᠂ ᠰᠢᠯᠵᠢᠭᠦᠯᠦᠨ ᠲᠦᠷᠢᠶᠡᠰᠦᠯᠡᠭᠦᠯᠬᠦ᠂ ᠳᠤᠷ᠎ᠠ ᠪᠠᠷ ᠢᠶᠠᠨ ᠰᠣᠯᠢᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ᠂ ᠲᠣᠭᠤᠷᠢᠭ ᠤᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠶᠯᠡᠴᠢᠯᠡᠭᠡᠨ ᠤ ᠲᠥᠪ ᠠᠴᠠ ᠪᠠᠲᠤᠯᠠᠭ᠎ᠠ ᠶᠢᠨ ᠬᠢᠷᠢ ᠬᠡᠮ ᠢ ᠨᠢ ᠬᠦᠴᠦᠨ ᠥᠬᠡᠶ ᠪᠣᠯᠭᠠᠵᠤ᠂ ︽ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠤᠨ ᠪᠠᠲᠤᠯᠠᠭ᠎ᠠ ᠶᠢ ᠵᠣᠭᠰᠣᠭᠠᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠲᠣᠭᠤᠷᠢᠭ ᠤᠨ ᠰᠢᠭᠦᠬᠦ ᠬᠤᠷᠢᠶ᠎ᠠ ᠳᠤ ᠠᠯᠪᠠᠳᠠᠯᠭ᠎ᠠ ᠪᠠᠷ ᠬᠡᠷᠡᠭᠵᠢᠭᠦᠯᠬᠦ᠂ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠢ ᠪᠤᠴᠠᠭᠠᠨ ᠠᠪᠬᠤ ᠶᠢ ᠭᠤᠶᠤᠴᠢᠯᠠᠨ᠎ᠠ᠃      2. ᠳᠤᠷ᠎ᠠ ᠪᠠᠷ ᠢᠶᠠᠨ ᠰᠢᠯᠵᠢᠭᠦᠯᠦᠨ ᠥᠭᠭᠦᠭᠰᠡᠨ ᠵᠢᠴᠢ ᠢᠯᠭᠠᠷᠠᠭᠤᠯᠤᠨ ᠪᠠᠶᠢᠴᠠᠭᠠᠬᠤ ᠶᠠᠪᠤᠴᠠ ᠳᠤ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢ ᠲᠦᠷᠢᠶᠡᠰᠦᠯᠡᠬᠦ ᠬᠢᠷᠢ ᠬᠡᠮ ᠳᠤ ᠨᠡᠶᠢᠴᠡᠬᠦ ᠦᠭᠡᠢ ᠪᠣᠯᠤᠭᠰᠠᠨ ᠢ ᠣᠯᠵᠤ ᠮᠡᠳᠡᠭᠰᠡᠨ ᠪᠥᠭᠡᠳ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢ ᠪᠤᠴᠠᠭᠠᠬᠤ ᠶᠢ ᠲᠡᠪᠴᠢᠭᠰᠡᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠠᠴᠠ ᠭᠦᠢᠴᠡᠳᠬᠡᠵᠦ᠂ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢ ᠬᠤᠷᠢᠶᠠᠨ ᠠᠪᠤᠨ᠎ᠠ᠃       3. ᠬᠤᠯᠪᠣᠭᠳᠠᠯ ᠪᠥᠬᠦᠶ  ᠨᠢᠭᠡᠴᠢ ᠪᠠ ᠬᠤᠪᠢ ᠬᠥᠮᠦᠨ ᠠᠴᠠ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠭᠤᠶᠤᠴᠢᠯᠠᠭᠴᠢ ᠪᠤᠶᠤ ᠲᠡᠭᠦᠨ ᠤ ᠬᠡᠷ ᠪᠦᠯᠢ ᠶᠢᠨ ᠬᠢᠨ ᠳᠤ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠭᠠᠷᠭᠠᠵᠤ ᠥᠭᠭᠦᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠵᠤ᠂ ᠠᠰᠠᠭᠤᠳᠠᠯ ᠤᠨ ᠰᠦᠪᠡᠭᠴᠢ ᠶᠢ ᠨᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠲᠤᠰᠢᠶᠠᠨ᠎ᠠ᠃          ᠲᠠᠪᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ    ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢ ᠲᠤᠰᠬᠠᠶᠢᠯᠠᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠰᠤᠳᠤᠯᠤᠨ ᠲᠣᠭᠲᠠᠭᠠᠵᠤ᠂ ᠬᠤᠪᠢᠳᠠᠨ ᠬᠠᠮᠢᠶᠠᠷᠴᠤ ᠪᠥᠬᠦᠶ ᠲᠣᠭᠤᠷᠢᠭ ᠤᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠣᠭᠤᠷᠢᠭ ᠤᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠶᠯᠡᠴᠢᠯᠡᠭᠡᠨ ᠤ ᠲᠥᠪ ᠢᠶᠠᠷ ᠲᠦᠷᠦᠭᠦᠯᠡᠭᠦᠯᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠰᠢᠭᠦᠬᠦ ᠬᠤᠷᠢᠶ᠎ᠠ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠪᠤᠷᠠᠯᠳᠠ ᠵᠡᠷᠭᠡ ᠣᠷᠣᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠶᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠶᠴᠡᠳᠬᠡᠨ᠎ᠡ᠃        ᠳᠤᠭᠤᠶᠢᠯᠠᠩ ᠤᠨ ᠳᠠᠷᠤᠭ᠎ᠠ᠄ ᠶᠠᠩ ᠶᠦᠩ    ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ     ᠳᠤᠭᠤᠶᠢᠯᠠᠩ ᠤᠨ ᠳᠡᠳ᠋ ᠳᠠᠷᠤᠭ᠎ᠠ᠄ ᠯᠢᠦ ᠬᠤᠶ  ᠲᠣᠭᠤᠷᠢᠭ ᠤᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠶᠯᠡᠴᠢᠯᠡᠭᠡᠨ ᠤ ᠲᠥᠪ ᠤᠨ ᠡᠷᠬᠢᠯᠡᠭᠴᠢ         ᠪᠦᠷᠢᠯᠳᠦᠬᠦᠨ᠄          ᠯᠢ ᠬᠤᠩ ᠬᠠᠨ  ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ     ᠴᠧᠨ ᡁᠢ    ᠲᠣᠭᠤᠷᠢᠭ ᠤᠨ ᠣᠷᠣᠨ ᠰᠠᠭᠤᠴᠠ ᠶᠢ ᠶᠡᠷᠦᠩᠬᠡᠶᠢᠯᠡᠨ ᠪᠠᠲᠤᠯᠠᠬᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ     ᠬᠠᠨ ᠰᠢᠶᠤᠤ ᠯᠦᠩ   ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠲᠠ ᠳᠤ ᠰᠠᠭᠤᠭ᠎ᠠ ᠬᠠᠮᠢᠶᠠᠷᠤᠯᠲᠠ ᠶᠢᠨ ᠲᠣᠪᠴᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ        ᠭᠦᠸᠧ ᠭᠠᠩ      ᠲᠣᠭᠤᠷᠢᠭ ᠤᠨ ᠰᠢᠭᠦᠬᠦ ᠬᠤᠷᠢᠶᠠᠨ ᠤ ᠳᠡᠳ᠋ ᠳᠠᠷᠤᠭ᠎ᠠ      ᠦ᠋ ᠰᠢᠤᠸᠠᠢ ᠹᠸᠢ   ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ     ᠵᠠᠩ ᠯᠢ ᠵᠥᠩ     ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ ᠤᠨ ᠡᠷᠬᠢᠯᠡᠭᠴᠢ         ᠾᠧ ᠶᠤᠸᠠᠢ   ᠳ᠋ᠦᠡᠭ ᠴᠢᠦᠢ    ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠡᠷᠬᠢᠯᠡᠭᠴᠢ         ᠭᠦᠸᠧ ᠵᠢᠶᠠᠨ ᠳ᠋ᠦᠩ    ᠴᠢᠶᠣᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ         ᠯᠢ ᠪᠢᠩ   ᠰᠢᠨ ᠬᠤᠸᠠ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ         ᠵᠧᠦ  ᠸᠧᠨ ᠬᠤᠸᠠ  ᠴᠢᠶᠣᠤ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ         ᠴᠢᠦ ᠱᠤᠤ ᠬᠤᠸᠠ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠭᠦᠸᠧ ᠮᠢᠩ ᠶᠤᠸᠠᠨ ᠴᠢᠶᠠᠨ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ          ᠸᠠᠩ ᠯᠦ  ᠰᠢᠨ ᠲᠢ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ          ᠵᠤᠤ ᠵᠢᠶᠧ  ᠬᠤ᠋ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ          ᠶᠢᠨ ᠴᠢᠶᠣᠤ ᠯᠠᠨ ᠴᠢᠤᠸᠠᠨ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ          ᠰᠦᠩ  ᠹᠸᠡᠭ᠂ ᠮᠠ ᠯᠢᠶᠠᠨ ᠴᠢᠦᠶ ᠰᠤᠮᠤᠨ ᠤ ᠵᠠᠰᠠᠭ ᠤᠨ ᠣᠷᠳᠣᠨ ᠤ ᠳᠠᠷᠤᠭ᠎ᠠ          ᠵᠢᠶ ᠵᠢᠩ ᠪᠠᠶ ᠬᠠᠶ ᠽᠢ ᠪᠠᠯᠭᠠᠰᠤᠨ ᠤ ᠵᠠᠰᠠᠭ ᠤᠨ ᠣᠷᠳᠣᠨ ᠤ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠵᠢᠨᠢᠩ ᠲᠣᠭᠤᠷᠢᠭ ᠤᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠶᠯᠡᠴᠢᠯᠡᠭᠡᠨ ᠤ ᠲᠥᠪ ᠲᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠯᠢᠦ ᠬᠤᠶ ᠬᠠᠪᠰᠤᠷᠭᠠᠨ ᠬᠠᠷᠢᠭᠤᠴᠠᠵᠤ᠂ ᠭᠤᠤᠯᠳᠠᠭᠤ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠨᠢᠭᠡᠳᠦᠯᠲᠡᠶ ᠲᠥᠯᠥᠪᠯᠡᠨ᠂ ᠡᠯ᠎ᠡ ᠬᠠᠷᠢᠭᠤᠴᠠᠯᠭᠠᠲᠤ  ᠨᠢᠭᠡᠴᠢ ᠶᠢ ᠵᠣᠬᠢᠴᠠᠭᠤᠯᠵᠤ ᠪᠠᠶᠢᠭᠠᠳ ᠲᠣᠰ ᠲᠣᠰ ᠤᠨ ᠲᠤᠰᠬᠠᠶ ᠵᠠᠰᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃       ᠬᠤᠶᠢᠰᠢᠳᠠ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠠᠴᠠ ᠥᠪᠡᠷᠰᠡᠳ ᠢᠶᠠᠨ ᠲᠤᠬᠢᠷᠠᠭᠤᠯᠤᠯᠳᠠ ᠬᠢᠵᠦ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠠᠰ ᠲᠤᠨᠢ ᠠᠯᠪᠠᠨ ᠪᠢᠴᠢᠭ ᠶᠠᠪᠤᠭᠤᠯᠬᠤ ᠦᠬᠡᠢ᠃                                  ᠣᠨᠴᠠᠭᠠᠶᠢᠯᠠᠨ ᠮᠡᠳᠡᠭᠳᠡᠪᠡ                                  2023 ᠣᠨ ᠤ 3 ᠰᠠᠷ᠎ᠠ ᠶᠢᠨ 9 ᠤ ᠡᠳᠦᠷᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠴᠥᠷᠬᠡᠯᠡᠭᠡ᠄ http://www.jnq.gov.cn/information/jnqzfw11723/msg3037758618734.html 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2