ᠨᠦᠢᠷ ᠲᠤᠳᠠᠪᠠᠯ ᠰᠤᠷᠤᠯᠭ᠎ᠠ ᠶᠢ ᠨᠦᠯᠦᠭᠡᠯᠡᠨ᠎ᠡ
ᠨᠡᠶᠢᠲᠡᠯᠡᠭᠰᠡᠨ ᠴᠠᠭ᠄
2023/4/12
        ᠠᠮᠧᠷᠢᠺᠠ ᠶᠢᠨ ︽ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ  ᠡᠷᠳᠡᠮ  ᠰᠢᠨᠵᠢᠯᠡᠭᠡᠨ ᠤ  ᠰᠣᠨᠢᠨ︾ ᠡᠴᠠ‌ᠣᠷᠴᠢᠮᠬᠠᠨ ᠨᠡᠶᠢᠲᠡᠯᠡᠭᠰᠡᠨ ᠨᠢᠭᠡᠨ ᠰᠢᠨ᠎ᠡ ᠰᠤᠳᠤᠯᠭᠠᠨ ᠳᠤ᠂ ᠣᠶᠤᠲᠠᠳ ᠡᠳᠦᠷ ᠲᠤ ᠠᠳᠠᠭ ᠲᠠᠭᠠᠨ 6 ᠴᠠᠭ ᠤᠨᠲᠠᠬᠤ ᠦᠭᠡᠢ‌‍ᠪᠤᠯ ᠰᠤᠷᠤᠯᠴᠠᠬᠤ ᠴᠢᠳᠠᠪᠤᠷᠢ ᠶᠢ ᠨᠢ ᠨᠥᠯᠥᠭᠡᠯᠡᠨ᠎ᠡ ᠭᠡᠵᠡᠢ᠃        ᠡᠭᠦᠨ ᠠᠴᠠ ᠡᠮᠦᠨᠡᠬᠢ  ᠰᠤᠳᠤᠯᠭᠠᠨ ᠳᠤ  ᠢᠯᠡᠷᠡᠭᠦᠯᠦᠭᠰᠡᠨ ᠢᠶᠠᠷ᠂  ᠤᠨᠲᠠᠬᠤ  ᠪᠣᠯ  ᠡᠷᠡᠭᠦᠯ  ᠮᠡᠨᠳᠦ  ᠪᠠ  ᠦᠷ᠎ᠡ‌‍ᠪᠦ᠋ᠲᠦᠮᠵᠢ ᠶᠢ ᠤᠷᠢᠳᠴᠢᠯᠠᠨ ᠬᠡᠮᠵᠢᠬᠦ ᠴᠢᠬᠤᠯᠠ ᠬᠦᠴᠦᠨ ᠵᠦᠢᠯ ᠪᠣᠯᠤᠨ᠎ᠠ᠃ ᠡᠳᠦᠷ  ᠪᠣᠯᠤᠭᠰᠠᠨ  ᠴᠡᠭᠡᠵᠢᠯᠡᠬᠦᠢ ᠨᠢ ᠤᠨᠳᠠᠬᠤ ᠨᠦᠢᠷᠤᠨ ᠳᠤ ᠪᠠᠬᠢᠵᠢᠳᠡᠭ ᠪᠠ ᠬᠡᠷᠪᠡ ᠬᠡᠪ ᠤᠨ ᠨᠦᠢᠷ ᠲᠤᠳᠠᠬᠤ ᠪᠤᠶᠤ ᠲᠠᠰᠤᠯᠳᠠᠬᠤ ᠳᠤ ᠬᠦᠷᠪᠡᠯ ᠡᠳᠦᠷ ᠤᠨ ᠰᠤᠷᠤᠯᠴᠠᠭᠰᠠᠨ‌ᠵᠦ᠋ᠢᠯ ᠮᠠᠷᠲᠠᠭᠳᠠᠬᠤ ᠪᠣᠯᠤᠨ᠎ᠠ ᠭᠡᠵᠡᠢ᠃                      ᠠᠮᠧᠷᠢᠺᠠ ᠶᠢᠨ  ᠵᠠᠷᠢᠮ  ᠪᠠᠶᠢᠭᠤᠯᠤᠮᠵᠢ ᠶᠢᠨ  ᠰᠤᠳᠤᠯᠤᠭᠠᠴᠢᠳ  3  ᠶᠡᠭᠡ  ᠰᠤᠷᠭᠠᠭᠤᠯᠢ ᠶᠢᠨ  600 ᠭᠠᠷᠤᠢ ᠣᠶᠤᠲᠠᠳ ᠤᠨ ᠤᠨᠳᠠᠬᠤ ᠪᠠᠶᠢᠳᠠᠯ ᠳᠤ ᠰᠤᠳᠤᠯᠭ᠎ᠠ ᠬᠢᠭᠰᠡᠨ ᠤ ᠳ᠋ᠦ᠋ᠩ ᠳᠤ᠂ ᠡᠳᠡᠭᠡᠷ ᠰᠤᠷᠤᠭᠴᠢᠳ ᠡᠳᠦᠷ ᠲᠤ  ᠳᠤᠮᠳᠠᠴᠢ ᠪᠠᠷ6 ᠴᠠᠭ ᠬᠠᠭᠠᠰ ᠤᠨᠲᠠᠳᠠᠭ᠃ ᠡᠳᠦᠷ ᠪᠦᠷᠢ 6 ᠴᠠᠭ ᠤᠨᠲᠠᠬᠤ  ᠦᠭᠡᠢ  ᠪᠠᠶᠢᠭ᠎ᠠ  ᠰᠤᠷᠤᠭᠴᠢ ᠶᠢᠨ  ᠰᠤᠷᠤᠯᠭ᠎ᠠ ᠶᠢᠨ  ᠬᠢᠷᠢ‌‍ᠪᠦ᠋ᠲᠦᠮᠵᠢ ᠢᠯᠡᠳᠲᠡ ᠪᠠᠭᠤᠷᠠᠵᠤ᠂ ᠤᠨᠲᠠᠬᠤ ᠴᠠᠭ ᠨᠢ 1 ᠴᠠᠭ ᠨᠡᠮᠡᠭᠳᠡᠬᠦ ᠪᠦᠷᠢ᠂ ᠬᠤᠭᠤᠴᠠᠭᠠᠨ ᠡᠴᠦᠰ ᠤᠨ ᠳᠤᠮᠳᠠᠴᠢ  ᠬᠢᠷᠢ‌‍ᠪᠦ᠋ᠲᠦᠮᠵᠢ ᠨᠢ ᠵᠢᠭᠠᠬᠠᠨ ᠳᠡᠭᠡᠭᠰᠢᠯᠡᠵᠤ ᠪᠠᠶᠢᠬᠤ ᠶᠢ ᠤᠯᠵᠤ ᠮᠡᠳᠡᠵᠡᠢ᠃             ᠤᠨᠲᠠᠬᠤ ᠪᠣᠯ ᠰᠤᠷᠤᠯᠴᠠᠬᠤ ᠪᠠ ᠴᠡᠭᠡᠵᠢᠯᠡᠬᠦ ᠳᠤ ᠲᠣᠩ ᠴᠢᠬᠤᠯᠠ ᠪᠠᠶᠢᠳᠠᠭ ᠭᠡᠵᠦ ᠰᠤᠳᠤᠯᠤᠭᠠᠴᠢᠳ  ᠦᠵᠡᠳᠡᠭ᠃ᠨᠦᠢᠷ ᠲᠤᠳᠠᠬᠤ ᠨᠢ ᠰᠤᠷᠤᠭᠴᠢᠳ ᠤᠨ ᠰᠤᠷᠤᠯᠴᠠᠬᠤ ᠴᠢᠳᠠᠪᠤᠷᠢ ᠶᠢ ᠨᠥᠯᠥᠭᠡᠯᠡᠵᠦ᠂ ᠤᠷᠲᠤ ᠬᠤᠭᠤᠴᠠᠭ᠎ᠠ ᠪᠠᠷ ᠡᠳᠤᠷ ᠲᠤ  6 ᠴᠠᠭ ᠠᠴᠠ ᠪᠠᠭ᠎ᠠ ᠤᠨᠳᠠᠳᠠᠭ  ᠬᠥᠮᠦᠨ ᠤ  ᠪᠡᠶ᠎ᠡ  ᠡᠷᠡᠭᠦᠯ  ᠮᠡᠨᠳᠦ ᠶᠢᠨ  ᠠᠰᠠᠭᠤᠳᠠᠯ  ᠲᠤᠯᠭᠠᠷᠠᠳᠠᠭ᠃  ᠮᠡᠷᠭᠡᠵᠢᠯᠳᠡᠳ ᠡᠴᠠ‌ᠵᠠᠯᠠᠭᠤᠴᠤᠳ ᠪᠠᠭᠠᠴᠤᠳ ᠢ ᠡᠳᠦᠷ ᠪᠦᠷᠢ 8 ~10 ᠴᠠᠭ ᠤᠨᠳᠠᠬᠤ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2