ᠤᠯᠠᠭᠠᠨᠴᠠᠪ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2023/4/12
        ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠴᠡᠭᠴᠡᠯᠡᠨ ᠵᠠᠰᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠦᠨᠡᠨᠬᠦ ᠪᠠᠲᠤᠯᠠᠨ ᠠᠬᠢᠭᠤᠯᠬᠤ ᠶᠢᠨ ᠲᠥᠯᠥᠭᠡ᠂ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠵᠥᠪᠯᠡᠯ ᠤᠨ ᠠᠯᠪᠠᠨ ᠭᠡᠷ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠵᠥᠪᠯᠡᠯ ᠤᠨ ᠠᠯᠪᠠᠨ ᠭᠡᠷ ᠤᠨ ᠲᠤᠰᠬᠠᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠬᠤᠲᠠ ᠪᠠᠨ ᠵᠠᠰᠠᠬᠤ ᠵᠥᠪᠯᠡᠯ ᠤᠨ ᠠᠯᠪᠠᠨ ᠭᠡᠷ ᠠᠴᠠ 2023 ᠣᠨ ᠤ 3 ᠰᠠᠷ᠎ᠠ ᠠᠴᠠ ᠡᠬᠢᠯᠡᠨ᠂ ᠪᠥᠬᠦ ᠬᠤᠲᠠ ᠳᠤ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠬᠦ ᠪᠠᠷ ᠲᠣᠭᠲᠠᠪᠠ᠃ ᠡᠳᠦᠭᠡ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠭᠤᠣᠯᠳᠠᠯᠭ᠎ᠠ ᠲᠠᠢ ᠠᠭᠤᠯᠭ᠎ᠠ ᠶᠢ ᠨᠡᠶᠢᠭᠡᠮ ᠳᠤ ᠨᠡᠶᠢᠲᠡᠯᠡᠶ᠎ᠡ᠂ ᠥᠷᠭᠡᠨ ᠣᠯᠠᠨ ᠠᠷᠠᠳ ᠲᠦᠮᠡᠨ ᠠᠴᠠ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠳᠤ ᠬᠢᠨᠠᠯᠲᠠ ᠲᠠᠯᠪᠢᠬᠤ ᠶᠢᠨ ᠬᠠᠮᠲᠤ ᠬᠠᠮᠢᠶ᠎ᠠ ᠪᠦᠬᠦᠢ ᠰᠦᠪᠡᠭᠴᠢ ᠶᠢ ᠦᠨᠡᠨ ᠪᠣᠳᠠᠲᠠᠢ ᠪᠠᠷ ᠬᠠᠩᠭᠠᠬᠤ ᠶᠢ ᠬᠦᠰᠡᠵᠦ ᠪᠠᠶᠢᠨ᠎ᠠ᠃        ᠨᠢᠭᠡ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠭᠤᠣᠯᠳᠠᠯᠭ᠎ᠠ ᠲᠠᠢ ᠠᠭᠤᠯᠭ᠎ᠠ 1. ᠠᠰᠢᠭ ᠬᠥᠭᠡᠭᠡᠴᠡᠯᠳᠦᠵᠦ ᠬᠠᠤᠯᠢ ᠬᠡᠷᠡᠭᠵᠢᠭᠦᠯᠬᠦ ᠠᠰᠠᠭᠤᠳᠠᠯ︔ 2. ᠬᠠᠤᠯᠢ ᠬᠡᠷᠡᠭᠵᠢᠭᠦᠯᠬᠦ ᠳᠡᠭᠡᠨ ᠵᠢᠷᠤᠮᠵᠢᠭᠤᠨ ᠪᠤᠰᠤ ᠪᠠᠶᠢᠬᠤ ᠠᠰᠠᠭᠤᠳᠠᠯ︔3. ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠲᠥᠬᠦᠮ ᠬᠥᠰᠢᠭᠦᠷᠡᠭᠰᠡᠨ ᠠᠰᠠᠭᠤᠳᠠᠯ︔ 4. ᠬᠠᠤᠯᠢ ᠬᠡᠷᠡᠭᠵᠢᠭᠦᠯᠬᠦ ᠳᠡᠭᠡᠨ ᠪᠦᠳᠦᠭᠦᠯᠢᠭ ᠪᠠᠶᠢᠬᠤ ᠠᠰᠠᠭᠤᠳᠠᠯ︔ 5. ᠬᠠᠤᠯᠢ ᠬᠡᠷᠡᠭᠵᠢᠭᠦᠯᠬᠦ ᠳᠡᠭᠡᠨ ︽ᠬᠤᠪᠢ ᠶᠢᠨ ᠠᠰᠢᠭ ᠣᠯᠬᠤ︾ ᠠᠰᠠᠭᠤᠳᠠᠯ ᠵᠡᠷᠭᠡ᠃       ᠬᠤᠶᠠᠷ᠂ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠬᠡᠯᠪᠡᠷᠢ 1. ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠬᠤ ᠤᠲᠠᠰᠤ᠄ 0474 - 8381300 2. ᠢᠯᠡᠴᠢᠯᠡᠨ ᠮᠡᠳᠡᠭᠦᠯᠬᠦ ᠶᠢ ᠭᠥᠯᠢᠶᠡᠨ ᠠᠪᠬᠤ ᠢᠮᠧᠯ᠄ Wlcbzfjd@126.com 3. ᠵᠠᠬᠢᠳᠠᠯ ᠰᠣᠷᠪᠤᠯᠵᠢᠯᠠᠭ᠎ᠠ ᠶᠢᠨ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠶᠦᠩ ᠠᠨ ᠵᠠᠮ ᠤᠨ ᠳᠤᠮᠳᠠ ᠬᠡᠰᠡᠭ ︵ᠪᠠᠷᠠᠭᠤᠨ ᠲᠠᠯ᠎ᠠ︶᠎ ᠤᠨ ᡁᠢ ᠶᠤᠸᠠᠨ ᠵᠡᠭᠡᠯᠢ ᠶᠢᠨ ᠪᠠᠷᠠᠭᠤᠨ ᠲᠠᠯ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠮᠣ ᠠᠰᠠᠷ ᠤᠨ 9 ᠳ᠋ᠦ᠋ᠭᠡᠷ ᠳᠠᠪᠬᠤᠷᠭ᠎ᠠ ᠶᠢᠨ ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠠᠯᠠᠭ᠎ᠠ᠂ ᠰᠢᠤᠳᠠᠨ ᠳ᠋ᠤᠭᠠᠷ᠄ 012000 4. ᠭᠥᠯᠢᠶᠡᠨ ᠠᠪᠴᠤ ᠰᠢᠢᠳᠪᠦᠷᠢᠯᠡᠬᠦ ᠴᠠᠭ᠄ ᠬᠠᠤᠯᠢ ᠪᠠᠷ ᠲᠣᠭᠲᠠᠭᠠᠭᠰᠠᠨ ᠠᠵᠢᠯ ᠤᠨ ᠡᠳᠦᠷ 9᠄ 00 - 12᠄ 00᠂ 14᠄ 30 - 18᠄ 00᠂ ᠵᠠᠬᠢᠳᠠᠯ ᠪᠠ ᠤᠲᠠᠰᠤ ᠶᠢ ᠭᠥᠯᠢᠶᠡᠨ ᠠᠪᠴᠤ ᠰᠢᠢᠳᠪᠦᠷᠢᠯᠡᠬᠦ ᠡᠳᠦᠷ ᠬᠤᠭᠤᠴᠠᠭ᠎ᠠ ᠨᠢ 2023 ᠣᠨ ᠤ 10 ᠰᠠᠷ᠎ᠠ ᠶᠢᠨ 31᠎ ᠤ ᠡᠳᠦᠷ ᠪᠣᠯᠣᠨ᠎ᠠ᠃ 5. ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠭᠤᠣᠯᠳᠠᠭᠤ ᠪᠥᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠭᠰᠠᠨ ᠤᠲᠠᠰᠤ ᠪᠠ ᠵᠠᠬᠢᠳᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠨ ᠥᠭᠴᠦ ᠰᠢᠢᠳᠪᠦᠷᠢᠯᠡᠭᠦᠯᠦᠨ᠎ᠡ᠃ ᠲᠤᠰᠬᠠᠢ ᠴᠡᠭᠴᠡᠯᠡᠨ ᠵᠠᠰᠠᠬᠤ ᠠᠵᠢᠯ ᠢ ᠶᠡᠭᠡ ᠪᠠᠷ ᠳᠡᠮᠵᠢᠭᠰᠡᠨ ᠳᠤ ᠴᠢᠨᠢ ᠲᠠᠯᠠᠷᠬᠠᠵᠤ ᠪᠠᠶᠢᠨ᠎ᠠ︕  ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠬᠤᠲᠠ ᠶᠢ ᠵᠠᠰᠠᠬᠤ ᠵᠥᠪᠯᠡᠯ ᠤᠨ ᠠᠯᠪᠠᠨ   ᠭᠡᠷ                    2023 ᠣᠨ ᠤ 3 ᠰᠠᠷ᠎ᠠ ᠶᠢᠨ 20᠎ ᠤ ᠡᠳᠦᠷ  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ  ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2