ᠵᠢᠨᠢᠩ‌‍ᠲ᠋ᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠬᠠᠮᠲᠤᠷᠠᠯᠴᠠᠭᠠᠨ ᠤ ᠵᠦᠪᠳᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2023/4/13
705470.jpg
      4  ᠳ᠋ᠦ᠋ᠭᠡᠷ ᠰᠠᠷ᠎ᠠ ᠶᠢᠨ 12᠎ ᠤᠨ ᠡᠳᠦᠷ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠣᠷᠴᠢᠨ ᠲᠣᠭᠤᠷᠢᠨ ᠤ ᠪᠠᠯᠠ ᠣᠷᠣᠭᠤᠯᠤᠯᠲᠠ ᠶᠢᠨ ᠪᠦᠯᠦᠭᠯᠡᠯ ᠬᠥᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃     ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ᠂ ᠥᠪᠥᠷ ᠮᠣᠩᠭᠤᠯ ᠤᠨ ᠣᠷᠴᠢᠨ ᠲᠣᠭᠤᠷᠢᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠶᠡᠷᠦᠩᠬᠡᠶ ᠳᠠᠭᠠᠭᠠᠮᠠᠯ ᠵᠠᠩ ᠸᠧᠶ ᠳ᠋ᠦᠩ᠂ ᠥᠪᠥᠷ ᠮᠣᠩᠭᠤᠯ ᠤᠨ ᠣᠷᠴᠢᠨ ᠲᠣᠭᠤᠷᠢᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ ᠵᠠᠩ ᠯᠢ  ᠸᠧᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠡᠳ᠋ ᠳᠠᠷᠤᠭ᠎ᠠ ᠶᠠᠩ ᠶᠦᠩ ᠵᠡᠷᠭᠡ ᠵᠠᠰᠠᠭ ᠠᠵᠤ ᠠᠬᠤᠶᠢᠯᠠᠯ ᠤᠨ ᠤᠳᠤᠷᠢᠳᠤᠯᠭ᠎ᠠ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃      ᠶᠣᠰᠣᠯᠠᠯ ᠳᠡᠭᠡᠷ᠎ᠡ᠂ ᠵᠠᠩ ᠸᠧᠢ ᠳ᠋ᠦᠩ ᠣᠷᠴᠢᠨ ᠲᠣᠭᠤᠷᠢᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠡᠵᠡᠩᠨᠡᠯᠲᠡ ᠶᠢᠨ ᠪᠠᠶᠢᠳᠠᠯ ᠢ ᠲᠠᠨᠢᠯᠴᠠᠭᠤᠯᠵᠤ᠂ ᠣᠷᠴᠢᠨ ᠲᠣᠭᠤᠷᠢᠨ ᠤ ᠮᠡᠷᠭᠡᠵᠢᠯ ᠤᠨ ᠦᠢᠯᠡᠴᠢᠯᠡᠭᠡ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠶᠠᠪᠤᠳᠠᠯ ᠤᠨ ᠲᠤᠬᠠᠢ ᠵᠢᠨᠢᠩ ᠲᠣᠭᠤᠷᠢᠭ ᠲᠠᠢ ᠵᠣᠯᠭᠠᠭᠤᠯᠤᠨ ᠵᠥᠪᠳᠡᠯᠴᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠣᠷᠴᠢᠨ ᠲᠣᠭᠤᠷᠢᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠦᠷᠦᠩᠭᠡ᠂ ᠮᠡᠷᠭᠡᠵᠢᠯ᠂ ᠬᠠᠮᠢᠶᠠᠷᠤᠯᠲᠠ ᠵᠡᠷᠭᠡ ᠲᠠᠪᠴᠠᠩ ᠤᠨ ᠡᠬᠢ ᠪᠠᠶᠠᠯᠢᠭ ᠢ ᠵᠢᠨᠢᠩ ᠲᠣᠭᠤᠷᠢᠭ ᠲᠤ ᠣᠷᠣᠭᠤᠯᠵᠤ᠂ ︽ᠪᠡᠯᠡ ᠣᠷᠣᠭᠤᠯᠬᠤ ᠪᠦᠳᠦᠭᠡᠨ ᠪᠠᠶᠢᠭᠤᠯᠬᠤ ᠬᠠᠮᠢᠶᠠᠷᠬᠤ ᠲᠡᠭᠡᠭᠡᠪᠦᠷᠢᠯᠡᠬᠦ ᠶᠢ ᠨᠢᠭᠡ ᠴᠤᠭᠴᠠᠵᠢᠭᠤᠯᠬᠤ︾ ᠡᠵᠡᠩᠨᠡᠯᠲᠡ ᠶᠢᠨ ᠵᠠᠭᠪᠤᠷ ᠢ ᠬᠡᠷᠡᠭᠯᠡᠵᠦ᠂ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ︾᠎ ᠶᠢᠨ ᠨᠢᠭᠡ ᠦᠷᠳᠡᠭᠡᠯᠢᠭ ᠦᠢᠯᠡᠴᠢᠯᠡᠭᠡ ᠬᠠᠩᠭᠠᠵᠤ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠨ᠎ᠡ  ᠭᠡᠵᠡᠢ᠃      ᠵᠠᠩ ᠶᠦᠩ ᠸᠧᠨ᠂ ᠤᠶᠢᠷ᠎ᠠ ᠶᠢᠨ ᠵᠢᠯ ᠠᠴᠠ᠂ ᠣᠷᠴᠢᠨ ᠲᠣᠭᠤᠷᠢᠨ ᠤ ᠪᠡᠯᠡ ᠣᠷᠣᠭᠤᠯᠤᠯᠲᠠ ᠶᠢᠨ ᠪᠦᠯᠦᠭᠯᠡᠯ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠵᠢᠨᠢᠩ ᠲᠣᠭᠤᠷᠢᠭ ᠲᠤ ᠬᠦᠴᠦᠲᠡᠢ ᠳᠡᠮᠵᠢᠯᠭᠡ ᠦᠵᠡᠭᠦᠯᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠮᠠᠰᠢ ᠰᠠᠶᠢᠨ ᠦᠷ᠎ᠡ ᠪᠦᠲᠦᠮᠵᠢ ᠣᠯᠵᠠᠢ᠃ ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠴᠢᠬᠤᠯᠠ ᠶᠡᠭᠡ ᠵᠦᠶᠯᠡᠰ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠠᠯᠠ ᠣᠷᠣᠭᠤᠯᠤᠯᠲᠠ ᠶᠡᠭᠡ᠂ ᠲᠥᠷᠥᠯ ᠵᠦᠶᠯ ᠣᠯᠠᠨ᠂ ᠬᠦᠷᠢᠶ᠎ᠡ ᠬᠡᠪᠴᠢᠶ᠎ᠡ ᠥᠷᠭᠡᠨ ᠪᠠᠶᠢᠵᠤ᠂ ᠵᠢᠨᠢᠩ ᠲᠣᠭᠤᠷᠢᠭ ᠤᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠢᠳᠡᠪᠬᠢᠲᠡᠶ ᠦᠶᠯᠡᠳᠦᠯ ᠦᠵᠡᠭᠦᠯᠬᠦ ᠪᠣᠯᠤᠨ᠎ᠠ ᠭᠡᠵᠡᠶ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ  ᠬᠦᠷᠢᠶ᠎ᠡ‌‍ᠪᠠᠨ ᠭᠦᠨᠵᠡᠭᠡᠶᠢᠷᠡᠭᠦᠯᠵᠦ᠂ ᠭᠡᠷ᠎ᠡ ᠶᠢ ᠭᠦᠢᠴᠡᠳᠬᠡᠬᠦ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠠᠵᠤ ᠠᠬᠤᠶᠢᠯᠠᠯ ᠬᠠᠮᠲᠤᠪᠠᠷ ᠠᠰᠢᠭ ᠬᠦᠷᠳᠡᠬᠦ᠂ ᠭᠠᠷ ᠬᠤᠯᠪᠣᠨ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ  ᠭᠡᠵᠡᠢ᠃     ᠶᠠᠩ ᠶᠦᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠣᠷᠴᠢᠨ ᠲᠣᠭᠤᠷᠢᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ ᠵᠠᠩ ᠯᠢ  ᠸᠧᠨ᠂ ᠣᠷᠴᠢᠨ ᠲᠣᠭᠤᠷᠢᠨ ᠤ ᠪᠠᠯᠠ ᠣᠷᠣᠭᠤᠯᠤᠯᠲᠠ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠴᠢᠶᠠᠩ ᠲᠠᠢ ᠲᠣᠰ ᠲᠣᠰ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃                    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2