ᠵᠢᠨᠢᠩ ᠲᠣᠭᠤᠷᠢᠭ 2023 ᠣᠨ ᠤ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/13
882470.jpg
     4 ᠳ᠋ᠦ᠋ᠭᠡᠷ ᠰᠠᠷ᠎ᠠ ᠶᠢᠨ 12᠎ ᠤᠨ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ 2023 ᠣᠨ ᠤ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ  2022 ᠣᠨ ᠤ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠳᠠᠯ ᠢ ᠳ᠋ᠦᠩᠨᠡᠨ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃       ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     ᠬᠤᠷᠠᠯ ᠳᠡᠭᠡᠷ᠎ᠡ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠵᠢᠨᠢᠩ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ᠂ ᠮᠠ ᠯᠢᠶᠠᠨ ᠴᠢᠦᠶ ᠰᠢᠶᠠᠩ᠂ ᠴᠢᠶᠣᠤ ᠳ᠋ᠦᠩ᠂  ᠬᠤ᠋ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠥᠪᠡᠷ ᠥᠪᠡᠷ ᠤᠨ ᠬᠦᠷᠢᠶᠡᠨ ᠤ ᠪᠠᠨ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠲᠤᠬᠠᠶ ᠶᠠᠷᠢᠶ᠎ᠠ ᠲᠠᠯᠪᠢᠪᠠ᠃    ᠬᠤᠷᠠᠯ ᠠᠴᠠ᠂ ᠡᠯ᠎ᠡ ᠪᠦᠷᠢᠯᠳᠦᠬᠦᠨ  ᠨᠢᠭᠡᠴᠢ ᠶᠢᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂  ᠲᠤᠭᠤᠷᠢᠭ ᠤᠨ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠯᠪᠠᠨ ᠭᠡᠷ ᠠᠴᠠ ᠵᠣᠬᠢᠶᠠᠨ ᠪᠠᠶᠢᠭᠤᠯᠵᠤ ᠵᠣᠬᠢᠴᠠᠭᠤᠯᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠬᠤᠪᠢᠶᠠᠷᠢᠯᠠᠨ ᠬᠠᠷᠢᠭᠤᠴᠠᠬᠤ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠬᠤᠯᠪᠣᠭᠠᠯᠠᠨ ᠰᠡᠷᠭᠡᠶᠢᠯᠡᠵᠦ ᠬᠠᠮᠵᠢᠯᠴᠠᠬᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠢᠳᠡᠪᠬᠢᠲᠡᠢ ᠣᠷᠣᠯᠴᠠᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠦᠨᠳᠦᠰᠦᠨ ᠱᠠᠲᠤᠨ ᠤ ᠠᠵᠢᠯ ᠤᠨ ᠦᠷᠳᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠦᠨᠳᠦᠰᠦᠨ ᠱᠠᠲᠤᠨ ᠤ ᠦᠷᠳᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠤᠯᠢ ᠪᠤᠰᠤ ᠬᠡᠪᠯᠡᠭᠳᠡᠬᠦᠨ ᠤ ᠲᠤᠬᠠᠶ ᠠᠷᠠᠳ ᠤᠯᠠᠨ ᠤ ᠰᠣᠨᠣᠷ ᠰᠡᠷᠡᠮᠵᠢ᠂ ᠢᠯᠭᠠᠨ ᠲᠠᠨᠢᠬᠤ ᠴᠢᠳᠠᠪᠤᠷᠢ ᠪᠠ ᠬᠢᠨᠠᠯᠲᠠ ᠲᠠᠯᠪᠢᠬᠤ ᠤᠬᠠᠮᠰᠠᠷ ᠢ ᠦᠨᠡᠨ ᠬᠦ ᠴᠢᠩᠭᠠᠳᠬᠠᠬᠤ ᠬᠡᠷᠡᠭᠲᠡᠶ᠃      ᠲᠤᠭᠤᠷᠢᠭ  ᠤᠨ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠵᠢᠴᠢ ᠪᠦᠷᠢᠯᠳᠦᠬᠦᠨ  ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ  ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2