| | | | 4 ᠰᠠᠷ᠎ᠠ ᠶᠢᠨ 13 ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠪᠣᠯᠤᠨ ᠠᠯᠢᠪᠠᠪᠠ ᠪᠦᠯᠦᠭᠯᠡᠯ ᠶᠠᠷᠢᠯᠴᠠᠬᠤ | ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠠ ᠯᠢ ᠶᠦᠨ ︵ᠵᠢᠨᠢᠩ︶ ᠤ ᠬᠤᠣᠰ ᠨᠡᠭᠦᠷᠡᠰᠦᠲᠥ᠋ᠷᠥᠭᠴᠢᠲᠦ | ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠬᠤ ᠵᠡᠷᠭᠡ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ | ᠰᠣᠯᠢᠯᠴᠠᠪᠠ᠃ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ | ᠬᠤᠷᠢᠶ᠎ᠠ ᠶᠢᠨ ᠱᠦᠵᠢ ᠵᠠᠩ ᠶᠦᠩ ᠸᠧᠨ᠂ ᠡᠭᠦᠯᠡᠨ ᠪᠤᠳᠤᠯᠲᠠ ᠣᠶᠤᠨᠴᠢ ᠦᠶᠯᠡᠰ ᠤᠨ ᠪᠦᠯᠦᠭᠯᠡᠯ ᠤᠨ ᠱᠠᠨ ᠰᠢ | ᠥᠪᠥᠷ ᠮᠣᠩᠭᠤᠯ ᠣᠷᠣᠨ ᠤ ᠶᠡᠷᠦᠩᠬᠡᠶ ᠳᠠᠭᠠᠭᠠᠮᠠᠯ ᠵᠠᠩ ᠶᠢᠨ ᠶᠠᠷᠢᠯᠴᠠᠬᠤ ᠬᠤᠷᠠᠯ ᠳᠤ ᠣᠷᠣᠯᠴᠠᠪᠠ᠃ | ᠵᠠᠩ ᠶᠢᠨ ᠠᠵᠤ ᠠᠬᠤᠶᠢᠯᠠᠯ ᠤᠨ ᠣᠳᠣᠬᠠᠨ ᠤ ᠬᠥᠭᠵᠢᠯᠲᠡ ᠶᠢᠨ ᠪᠠᠶᠢᠳᠠᠯ ᠪᠣᠯᠤᠨ ᠢᠷᠡᠭᠡᠳᠦᠢ ᠶᠢᠨ | ᠬᠥᠭᠵᠢᠯᠲᠡ ᠶᠢᠨ ᠲᠥᠯᠥᠪᠵᠢᠭᠦᠯᠭᠡ ᠶᠢ ᠲᠠᠨᠢᠯᠴᠠᠭᠤᠯᠪᠠ᠃ ᠲᠡᠷᠡ ᠵᠢᠭᠠᠭᠰᠠᠨ ᠨᠢ᠂ ᠵᠢᠨᠢᠩ ᠲᠣᠭᠤᠷᠢᠭ ᠤᠨ | ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ | ᠰᠠᠭᠤᠷᠢ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠠᠯᠢᠪᠠᠪᠠ ᠪᠦᠯᠦᠭᠯᠡᠯ ᠤᠨ ᠬᠢᠨ ᠵᠢᠨᠢᠩ ᠲᠣᠭᠤᠷᠢᠭ ᠯᠤᠭ᠎ᠠ | ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠠᠭᠤᠰᠤᠯᠴᠠᠯ ᠢᠶᠠᠨ ᠭᠦᠨᠵᠡᠭᠡᠶᠢᠷᠡᠭᠦᠯᠵᠦ᠂ ᠡᠭᠦᠯᠡᠨ ᠪᠤᠳᠤᠯᠳᠠ᠂ | ᠲᠤᠮᠤ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠳᠠᠪᠠᠭᠤᠯᠢᠭ ᠪᠣᠯᠤᠨ ᠬᠤᠰᠢᠭᠤᠷᠠᠯ | ᠮᠡᠷᠭᠡᠵᠢᠯ ᠢ ᠢᠳᠡᠪᠬᠢᠲᠡᠢ ᠪᠠᠳᠠᠷᠠᠭᠤᠯᠵᠤ᠂ ᠨᠢᠭᠡᠨᠲᠡ ᠪᠠᠶᠢᠭ᠎ᠠ ᠲᠦᠷᠦᠯ ᠵᠦᠢᠯ ᠢᠶᠠᠨ ᠦᠷᠭᠦᠯᠵᠢᠯᠡᠨ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠢᠨᠢᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ | ᠦᠵᠡᠭᠦᠯᠬᠦ ᠪᠠᠷ ᠴᠢᠷᠮᠠᠶᠢᠨ᠎ᠠ ᠭᠡᠵᠡᠢ ᠃ | ᠵᠠᠩ ᠶᠦᠩ ᠸᠧᠨ ᠶᠡᠷᠦᠩᠬᠡᠢ ᠳᠠᠭᠠᠭᠠᠮᠠᠯ ᠵᠠᠩ ᠶᠢᠨ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ | ᠪᠠᠶᠢᠬᠤ ᠪᠠᠨ ᠢᠯᠡᠳᠬᠡᠪᠡ᠃ ᠲᠡᠷᠡ᠂ ᠤᠷᠳᠤ ᠬᠤᠭᠤᠴᠠᠭᠠᠨ ᠤ ᠲᠤᠷᠰᠢ᠂ ᠠᠯᠢᠪᠠᠪᠠ ᠪᠦᠯᠦᠭᠯᠡᠯ ᠵᠢᠨᠢᠩ | ᠲᠣᠭᠤᠷᠢᠭ ᠯᠤᠭ᠎ᠠ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠪᠠᠨ ᠪᠠᠲᠤᠯᠠᠵᠤ᠂ ᠵᠢᠨᠢᠩ ᠲᠣᠭᠤᠷᠢᠭ ᠤᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠳᠡᠮᠵᠢᠯᠭᠡ ᠂ ᠬᠤᠪᠢ ᠨᠡᠮᠡᠷᠢ ᠦᠵᠡᠭᠦᠯᠵᠡᠢ᠃ ᠵᠠᠰᠠᠭ | ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠮᠲᠤᠪᠠᠷ ᠴᠢᠷᠮᠠᠶᠢᠵᠤ᠂ ᠵᠢᠨᠢᠩ ᠲᠣᠭᠤᠷᠢᠭ ᠤᠨ ᠪᠣᠳᠠᠲᠤ ᠪᠠᠶᠢᠳᠠᠯ ᠳᠤ | ᠰᠠᠭᠤᠷᠢᠯᠠᠵᠤ᠂ ᠤᠯᠠᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠬᠥᠭᠵᠢᠯᠲᠡ ᠶᠢᠨ ᠠᠵᠠ ᠲᠣᠬᠢᠶᠠᠯ ᠢ ᠬᠠᠮᠲᠤᠪᠠᠷ ᠡᠳ᠋ᠯᠡᠬᠦ ᠶᠢ ᠬᠦᠰᠡᠵᠦ ᠪᠠᠶᠢᠨ᠎ᠠ ᠭᠡᠵᠡᠢ ᠃ ᠵᠢᠨᠢᠩ ᠲᠣᠭᠤᠷᠢᠭ ᠴᠤ | ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠥᠭᠵᠢᠯᠲᠡ ᠳᠤ ᠥᠨᠳᠥᠷ ᠪᠦᠲᠦᠮᠵᠢᠲᠡᠢ ᠦᠢᠯᠡᠴᠢᠯᠡᠭᠡ᠂ ᠴᠢᠨᠠᠷ | ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠬᠠᠩᠭᠠᠨ᠎ᠠ ᠭᠡᠵᠡᠢ ᠃ | ᠵᠠᠩ ᡁᠢ ᠷᠦᠩ᠂ ᠶᠠᠩ ᠶᠦᠩ ᠵᠢᠴᠢ ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | ᠵᠢᠷᠤᠭ᠄ ᠴᠢᠶᠤᠤ ᠮᠢᠨ | ᠤᠷᠴᠢᠭᠤᠯᠤᠭᠴᠢ᠄ ᠲᠤᠶᠠᠭ᠎ᠠ | | | | | | | |