ᠵᠢᠨᠢᠩ ᠲᠣᠭᠤᠷᠢᠭ ᠪᠣᠯᠤᠨ ᠠᠯᠢᠪᠠᠪᠠ ᠪᠦᠯᠦᠭᠯᠡᠯ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/4/17
     4 ᠰᠠᠷ᠎ᠠ ᠶᠢᠨ 13᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠪᠣᠯᠤᠨ ᠠᠯᠢᠪᠠᠪᠠ ᠪᠦᠯᠦᠭᠯᠡᠯ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠠ ᠯᠢ ᠶᠦᠨ ︵ᠵᠢᠨᠢᠩ︶᠎ ᠤ ᠬᠤᠣᠰ ᠨᠡᠭᠦᠷᠡᠰᠦᠲᠥ᠋ᠷᠥᠭᠴᠢᠲᠦ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠬᠤ ᠵᠡᠷᠭᠡ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃     ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ᠂  ᠡᠭᠦᠯᠡᠨ  ᠪᠤᠳᠤᠯᠲᠠ ᠣᠶᠤᠨᠴᠢ ᠦᠶᠯᠡᠰ ᠤᠨ ᠪᠦᠯᠦᠭᠯᠡᠯ ᠤᠨ ᠱᠠᠨ ᠰᠢ ᠥᠪᠥᠷ ᠮᠣᠩᠭᠤᠯ ᠣᠷᠣᠨ ᠤ ᠶᠡᠷᠦᠩᠬᠡᠶ ᠳᠠᠭᠠᠭᠠᠮᠠᠯ ᠵᠠᠩ ᠶᠢᠨ ᠶᠠᠷᠢᠯᠴᠠᠬᠤ ᠬᠤᠷᠠᠯ ᠳᠤ ᠣᠷᠣᠯᠴᠠᠪᠠ᠃     ᠵᠠᠩ ᠶᠢᠨ ᠠᠵᠤ ᠠᠬᠤᠶᠢᠯᠠᠯ ᠤᠨ ᠣᠳᠣᠬᠠᠨ ᠤ ᠬᠥᠭᠵᠢᠯᠲᠡ ᠶᠢᠨ ᠪᠠᠶᠢᠳᠠᠯ ᠪᠣᠯᠤᠨ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠠᠨᠢᠯᠴᠠᠭᠤᠯᠪᠠ᠃ ᠲᠡᠷᠡ ᠵᠢᠭᠠᠭᠰᠠᠨ ᠨᠢ᠂ ᠵᠢᠨᠢᠩ ᠲᠣᠭᠤᠷᠢᠭ ᠤᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ  ᠰᠠᠭᠤᠷᠢ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠠᠯᠢᠪᠠᠪᠠ ᠪᠦᠯᠦᠭᠯᠡᠯ ᠤᠨ ᠬᠢᠨ ᠵᠢᠨᠢᠩ ᠲᠣᠭᠤᠷᠢᠭ ᠯᠤᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠠᠭᠤᠰᠤᠯᠴᠠᠯ ᠢᠶᠠᠨ ᠭᠦᠨᠵᠡᠭᠡᠶᠢᠷᠡᠭᠦᠯᠵᠦ᠂ ᠡᠭᠦᠯᠡᠨ ᠪᠤᠳᠤᠯᠳᠠ᠂ ᠲᠤᠮᠤ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠳᠠᠪᠠᠭᠤᠯᠢᠭ ᠪᠣᠯᠤᠨ ᠬᠤᠰᠢᠭᠤᠷᠠᠯ ᠮᠡᠷᠭᠡᠵᠢᠯ ᠢ ᠢᠳᠡᠪᠬᠢᠲᠡᠢ ᠪᠠᠳᠠᠷᠠᠭᠤᠯᠵᠤ᠂ ᠨᠢᠭᠡᠨᠲᠡ ᠪᠠᠶᠢᠭ᠎ᠠ ᠲᠦᠷᠦᠯ ᠵᠦᠢᠯ ᠢᠶᠠᠨ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠢᠨᠢᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ   ᠭᠡᠵᠡᠢ ᠃     ᠵᠠᠩ ᠶᠦᠩ ᠸᠧᠨ ᠶᠡᠷᠦᠩᠬᠡᠢ ᠳᠠᠭᠠᠭᠠᠮᠠᠯ ᠵᠠᠩ ᠶᠢᠨ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠤᠷᠳᠤ ᠬᠤᠭᠤᠴᠠᠭᠠᠨ ᠤ ᠲᠤᠷᠰᠢ᠂ ᠠᠯᠢᠪᠠᠪᠠ ᠪᠦᠯᠦᠭᠯᠡᠯ ᠵᠢᠨᠢᠩ ᠲᠣᠭᠤᠷᠢᠭ ᠯᠤᠭ᠎ᠠ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠪᠠᠨ ᠪᠠᠲᠤᠯᠠᠵᠤ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠳᠡᠮᠵᠢᠯᠭᠡ ᠂ ᠬᠤᠪᠢ ᠨᠡᠮᠡᠷᠢ ᠦᠵᠡᠭᠦᠯᠵᠡᠢ᠃ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠮᠲᠤᠪᠠᠷ ᠴᠢᠷᠮᠠᠶᠢᠵᠤ᠂ ᠵᠢᠨᠢᠩ ᠲᠣᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠤᠯᠠᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠠᠵᠠ ᠲᠣᠬᠢᠶᠠᠯ ᠢ ᠬᠠᠮᠲᠤᠪᠠᠷ ᠡᠳ᠋ᠯᠡᠬᠦ ᠶᠢ ᠬᠦᠰᠡᠵᠦ ᠪᠠᠶᠢᠨ᠎ᠠ  ᠭᠡᠵᠡᠢ ᠃ ᠵᠢᠨᠢᠩ ᠲᠣᠭᠤᠷᠢᠭ ᠴᠤ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠥᠭᠵᠢᠯᠲᠡ ᠳᠤ ᠥᠨᠳᠥᠷ ᠪᠦᠲᠦᠮᠵᠢᠲᠡᠢ ᠦᠢᠯᠡᠴᠢᠯᠡᠭᠡ᠂ ᠴᠢᠨᠠᠷ ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠬᠠᠩᠭᠠᠨ᠎ᠠ ᠭᠡᠵᠡᠢ ᠃     ᠵᠠᠩ ᡁᠢ ᠷᠦᠩ᠂ ᠶᠠᠩ ᠶᠦᠩ ᠵᠢᠴᠢ  ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃                          ᠵᠢᠷᠤᠭ᠄ ᠴᠢᠶᠤᠤ ᠮᠢᠨ                          ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2