ᠵᠢᠨᠢᠩ ᠲᠣᠭᠤᠷᠢᠭ ᠤᠨ ᠬᠢᠨ ᠳᠤᠮᠳᠠᠳᠤ ᠤᠯᠤᠰ ᠤᠨ ᠤᠰᠤ ᠴᠠᠬᠢᠯᠭᠠᠨ ᠤ ᠳᠦᠷᠪᠡᠳᠦᠭᠡᠷ ᠲᠣᠪᠴᠢᠶᠠᠨ ᠤ ᠪᠠᠶᠢᠴᠠᠭᠠᠨ ᠰᠤᠳᠤᠯᠵᠤ ᠰᠢᠨᠵᠢᠯᠡᠨ ᠪᠠᠶᠢᠴᠠᠭᠠᠬᠤ ᠳᠤᠭᠤᠶᠢᠯᠠᠩ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/4/17
    4 ᠰᠠᠷ᠎ᠠ ᠶᠢᠨ 14᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠪᠣᠯᠤᠨ ᠳᠤᠮᠳᠠᠳᠤ ᠤᠯᠤᠰ ᠤᠨ ᠤᠰᠤᠨ ᠴᠠᠬᠢᠯᠭᠠᠨ ᠤ ᠳᠥᠷᠪᠡᠳᠦᠭᠡᠷ ᠲᠣᠪᠴᠢᠶ᠎ᠠ ᠲᠠᠢ ᠶᠠᠷᠢᠯᠴᠠᠬᠤ ᠬᠤᠷᠠᠯ ᠬᠢᠵᠦ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠪᠠᠨ ᠴᠢᠩᠭᠠᠳᠬᠠᠬᠤ᠂ ᠬᠠᠮᠲᠤᠷᠠᠯᠴᠠᠭ᠎ᠠ ᠪᠠᠨ ᠠᠬᠢᠭᠤᠯᠬᠤ ᠵᠡᠷᠭᠡ ᠶᠠᠪᠤᠳᠠᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ᠂ ᠳᠤᠮᠳᠠᠳᠤ ᠤᠯᠤᠰ ᠤᠨ ᠤᠰᠤᠨ ᠴᠠᠬᠢᠯᠭᠠᠨ ᠤ ᠳᠥᠷᠪᠡᠳᠦᠭᠡᠷ ᠲᠣᠪᠴᠢᠶ᠎ᠠ ᠶᠢᠨ ᠳᠡᠳ᠋ ᠳᠠᠷᠤᠭ᠎ᠠ ᠵᠢᠢ ᠵᠧᠨ ᠸᠧᠢ᠂ ᠳᠤᠮᠳᠠᠳᠤ ᠤᠯᠤᠰ ᠤᠨ ᠤᠰᠤᠨ ᠴᠠᠬᠢᠯᠭᠠᠨ ᠤ ᠳᠥᠷᠪᠡᠳᠦᠭᠡᠷ ᠲᠣᠪᠴᠢᠶ᠎ᠠ ᠶᠢᠨ ᠪᠠᠷᠠᠭᠤᠨ ᠬᠤᠶᠢᠲᠤ ᠣᠷᠣᠨ ᠤ ᠶᠡᠷᠦᠩᠬᠡᠢ ᠳᠠᠭᠠᠭᠠᠮᠠᠯ ᠯᠢᠶᠠᠩ ᠭᠦᠸᠧ ᠾᠦᠢ ᠵᠡᠷᠭᠡ ᠵᠠᠰᠠᠭ ᠠᠵᠤ ᠠᠬᠤᠶᠢᠯᠠᠯ ᠤᠨ ᠤᠳᠤᠷᠢᠳᠤᠯᠭ᠎ᠠ ᠶᠠᠷᠢᠯᠴᠠᠬᠤ ᠬᠤᠷᠠᠯ ᠳᠤ ᠣᠷᠣᠯᠴᠠᠪᠠ᠃     ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠤᠯᠠᠭᠠᠨᠴᠠᠪ ᠬᠤᠳᠠ ᠶᠢᠨ ᠬᠤᠳᠠ ᠶᠢᠨ ᠲᠦᠷᠢ ᠲᠥᠷᠬᠦ ᠶᠢᠨ ᠤᠬᠠᠭᠤᠯᠭ᠎ᠠ ᠶᠢᠨ ᠹᠢᠯᠢᠮ ᠢ ᠦᠵᠡᠪᠡ᠃ ᠳᠤᠮᠳᠠᠳᠤ ᠤᠯᠤᠰ ᠤᠨ ᠤᠰᠤᠨ ᠴᠠᠬᠢᠯᠭᠠᠨ ᠤ ᠳᠥᠷᠪᠡᠳᠦᠭᠡᠷ ᠲᠣᠪᠴᠢᠶ᠎ᠠ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠪᠠᠶᠢᠳᠠᠯ᠂ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠪᠠ ᠲᠥᠷᠥᠯ ᠵᠦᠶᠯ ᠤᠨ ᠲᠥᠯᠥᠪᠵᠢᠭᠦᠯᠭᠡ ᠵᠡᠷᠭᠡ ᠤᠴᠢᠷ ᠶᠠᠪᠤᠳᠠᠯ ᠤᠨ ᠲᠣᠭᠤᠷᠢᠨ ᠳᠤ ᠵᠢᠨᠢᠩ ᠲᠣᠭᠤᠷᠢᠭ ᠲᠠᠢ ᠰᠠᠨᠠᠯ ᠢᠶᠠᠨ ᠭᠦᠨᠵᠡᠭᠡᠶ ᠰᠣᠯᠢᠯᠴᠠᠭᠰᠠᠨ ᠪᠥᠭᠡᠳ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠮᠣ ᠳ᠋ᠠᠶᠢᠲ᠋ᠠ ᠵᠡᠷᠭᠡ ᠬᠦᠷᠢᠶᠡᠨ ᠳᠤ ᠵᠢᠨᠢᠩ ᠲᠣᠭᠤᠷᠢᠭ ᠲᠤ ᠦᠶᠯᠡᠳᠦᠯ ᠭᠠᠷᠭᠠᠵᠤ᠂ ᠬᠠᠮᠲᠤᠷᠠᠯᠴᠠᠬᠤ ᠶᠢ ᠬᠦᠰᠡᠵᠦ  ᠪᠠᠶᠢᠬᠤ ᠪᠠᠨ ᠢᠯᠡᠳᠭᠡᠪᠡ᠃    ᠺᠠᠩ ᠬᠠᠢ ᠷᠦᠢ ᠳᠡᠳ᠋ ᠲᠣᠪᠴᠢᠶᠠᠨ ᠳᠠᠷᠤᠭ᠎ᠠ ᠵᠢᠢ ᠵᠧᠨ ᠸᠧᠢ ᠨᠡᠷ ᠤᠨ  ᠪᠠᠶᠢᠴᠠᠭᠠᠨ ᠰᠤᠳᠤᠯᠤᠯᠲᠠ ᠬᠢᠵᠦ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠵᠢᠨᠢᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠲᠠᠨᠢᠯᠴᠠᠭᠤᠯᠪᠠ᠃ ᠲᠡᠷᠡ᠂ ᠵᠢᠨᠢᠩ ᠲᠣᠭᠤᠷᠢᠭ ᠨᠢ ᠤᠯᠠᠭᠠᠨᠴᠠᠪ ᠬᠤᠳᠠ ᠶᠢᠨ ᠬᠤᠳᠠ ᠶᠢᠨ ᠲᠥᠪ ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠵᠠᠮ ᠬᠠᠷᠢᠯᠴᠠᠭ᠎ᠠ ᠲᠦᠭᠦᠮ᠂ ᠣᠷᠣᠨ ᠪᠠᠶᠢᠷᠢ ᠳᠠᠪᠠᠭᠤᠯᠢᠭ᠂ ᠠᠭᠤᠷ ᠠᠮᠢᠰᠬᠤᠯ ᠲᠠᠭᠠᠯᠠᠮᠵᠢᠲᠠᠢ᠂ ᠵᠠᠬ᠎ᠠ ᠳᠡᠯᠭᠡᠭᠦᠷ ᠠᠭᠤᠳᠠᠮ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠲᠠᠯ᠎ᠠ ᠪᠠᠷ ᠵᠣᠬᠢᠬᠤ ᠰᠠᠭᠤᠷᠢ ᠪᠠ ᠳᠠᠪᠠᠭᠤᠯᠢᠭ ᠲᠠᠢ ᠶᠤᠮ᠃ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠰᠣᠯᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠨᠡᠩ ᠤᠯᠠᠨ ᠠᠵᠤ ᠦᠢᠯᠡᠰ ᠤᠨ ᠬᠥᠭᠵᠢᠯᠲᠡ ᠶᠢᠨ ᠨᠡᠶᠢᠯᠡᠯᠲᠡ ᠶᠢᠨ ᠴᠡᠭ ᠢ ᠣᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠣᠳᠠᠲᠠᠢ ᠶᠢ ᠡᠷᠬᠢᠮᠯᠡᠭᠰᠡᠨ ᠠᠯᠬᠤᠮ ᠢ ᠠᠯᠬᠤᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ  ᠭᠡᠵᠡᠢ᠃ ᠡᠭᠦᠨ ᠤ ᠬᠠᠮᠲᠤ᠂ ᠵᠢᠨᠢᠩ ᠲᠣᠭᠤᠷᠢᠭ ᠤᠨ ᠬᠢᠨ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠦᠢᠯᠡᠴᠢᠯᠡᠭᠡ ᠶᠢ ᠨᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠬᠥᠭᠵᠢᠯᠲᠡ ᠳᠤ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠢ ᠬᠠᠩᠭᠠᠨ᠎ᠠ  ᠭᠡᠵᠡᠢ᠃                    ᠵᠢᠷᠤᠭ᠄ ᠴᠢᠶᠤᠤ ᠮᠢᠨ                    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2