ᠵᠦᠸᠧᠽᠢ ᠰᠢᠶᠠᠨ ᠤ ᠲᠠᠩᠰᠠ ᠡᠪᠬᠡᠮᠡᠯ ᠤᠨ ᠲᠡᠤᠬᠡ ᠣᠶᠢᠯᠠᠯᠭ᠎ᠠ ᠶᠢᠨ ᠣᠷᠳᠣᠨ ᠲᠠᠩᠰᠠ ᠡᠪᠬᠡᠮᠡᠯ ᠤᠨ ᠠᠵᠢᠯᠲᠠᠨ ᠢ ᠵᠣᠬᠢᠶᠠᠨ ᠪᠠᠶᠢᠭᠤᠯᠵᠤ ᠵᠢᠨᠢᠩ ᠲᠣᠭᠤᠷᠢᠭ ᠤᠨ ᠲᠠᠩᠰᠠ ᠡᠪᠬᠡᠮᠡᠯ ᠤᠨ ᠲᠡᠤᠬᠡ ᠣᠶᠢᠯᠠᠯᠭ᠎ᠠ ᠶᠢᠨ ᠣᠷᠳᠣᠨ ᠳᠤ ᠬᠦᠷᠴᠦ ᠲᠠᠩᠰᠠ ᠡᠪᠬᠡᠮᠡᠯ ᠤᠨ ᠲᠣᠭᠠᠴᠢᠯᠠᠭᠰᠠᠨ ᠲᠤᠷᠰᠢᠯᠭ᠎ᠠ ᠠᠴᠠ ᠰᠣᠯᠢᠯᠴᠠᠨ ᠰᠤᠷᠤᠯᠴᠠᠪᠠ
ᠨᠡᠶᠢᠲᠡᠯᠡᠭᠰᠡᠨ ᠴᠠᠭ᠄
2023/4/17
      4 ᠰᠠᠷ᠎ᠠ ᠶᠢᠨ 13᠎ ᠤ ᠡᠳᠦᠷ᠂ ᠵᠦᠸᠧᠽᠢ ᠰᠢᠶᠠᠨ ᠤ ᠳᠠᠩᠰᠠ ᠡᠪᠬᠡᠮᠡᠯ ᠤᠨ ᠲᠡᠦᠬᠡ ᠣᠶᠢᠯᠠᠯᠭ᠎ᠠ ᠶᠢᠨ ᠣᠷᠳᠣᠨ ᠳᠠᠩᠰᠠ ᠡᠪᠬᠡᠮᠡᠯ ᠤᠨ ᠠᠵᠢᠯᠲᠠᠳ ᠢ ᠵᠣᠬᠢᠶᠠᠨ ᠪᠠᠶᠢᠭᠤᠯᠵᠤ 7 ᠬᠥᠮᠦᠨ ᠮᠠᠨ ᠤ ᠣᠷᠳᠣᠨ ᠳᠤ ᠢᠷᠡᠵᠤ ᠰᠣᠯᠢᠯᠴᠠᠨ ᠰᠤᠷᠤᠯᠴᠠᠭᠤᠯᠪᠠ᠂ ᠨᠣᠮ ᠤᠨ ᠰᠠᠩ ᠤᠨ ᠳᠠᠷᠤᠭ᠎ᠠ ᠴᠧᠨ ᠾᠦᠢ ᠨᠥᠬᠦᠷ᠂ ᠳᠡᠳ᠋ ᠳᠠᠷᠤᠭ᠎ᠠ ᠵᠦ ᠯᠸᠢ ᠨᠥᠬᠦᠷ ᠪᠠᠷ᠎ᠠ ᠪᠣᠯᠤᠭᠰᠠᠨ ᠪᠥᠭᠡᠳ ᠳᠠᠩᠰᠠ ᠡᠪᠬᠡᠮᠡᠯ ᠤᠨ ᠲᠣᠭᠠᠴᠢᠯᠠᠭᠰᠠᠨ ᠲᠤᠷᠰᠢᠯᠭ᠎ᠠ ᠶᠢ ᠲᠠᠨᠢᠯᠴᠠᠭᠤᠯᠤᠨ ᠰᠣᠯᠢᠯᠴᠠᠪᠠ᠃      ᠮᠠᠨ ᠤ ᠣᠷᠳᠣᠨ ᠤ ᠲᠣᠭᠠᠴᠢᠯᠠᠭᠰᠠᠨ ᠲᠠᠩᠰᠠ ᠡᠪᠬᠡᠮᠡᠯ ᠤᠨ ᠠᠵᠢᠯᠲᠠᠨ ᠤ ᠪᠠᠷ᠎ᠠ ᠪᠤᠯᠤᠯᠭ᠎ᠠ ᠲᠠᠢ ᠪᠠᠷ᠂ ᠣᠯᠠᠨ ᠢᠶᠠᠷ ᠢᠶᠠᠨ ᠲᠠᠩᠰᠠ ᠡᠪᠬᠡᠮᠡᠯ ᠤᠨ ᠲᠣᠭᠠᠴᠢᠯᠠᠭᠰᠠᠨ ᠠᠵᠢᠯ ᠤᠨ ᠲᠠᠰᠤᠭ ᠢ ᠲᠣᠭᠤᠷᠢᠨ ᠦᠵᠡᠪᠡ᠃ ᠲᠤᠭᠠᠵᠢᠭᠤᠯᠤᠭᠰᠠᠨ ᠠᠵᠢᠯᠲᠠᠳ ᠮᠠᠨ ᠤ ᠣᠷᠳᠣᠨ ᠤ ᠲᠤᠭᠠᠵᠢᠭᠤᠯᠤᠭᠰᠠᠨ ᠠᠵᠢᠯ ᠤᠨ ᠶᠠᠪᠤᠴᠠ ᠪᠠ ᠠᠵᠢᠯ ᠤᠨ ᠲᠦᠷᠢᠮ ᠢ ᠨᠠᠷᠢᠨ ᠲᠠᠨᠢᠯᠴᠠᠭᠤᠯᠵᠤ᠂ ᠬᠡᠰᠡᠭ ᠲᠠᠩᠰᠠ ᠡᠪᠬᠡᠮᠡᠯ ᠤᠨ ᠲᠤᠭᠠᠵᠢᠭᠤᠯᠤᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠦᠭᠰᠡᠨ ᠪᠥᠭᠡᠳ ᠲᠣᠭᠤᠷᠢᠨ ᠦᠵᠡᠭᠴᠢᠳ ᠤᠨ ᠲᠠᠩᠰᠠ ᠡᠪᠬᠡᠮᠡᠯ ᠤᠨ ᠲᠤᠭᠠᠵᠢᠭᠤᠯᠤᠯᠲᠠ ᠳᠤ ᠣᠷᠣᠰᠢᠵᠤ ᠪᠠᠶᠢᠭ᠎ᠠ ᠰᠡᠵᠢᠭᠯᠡᠯ ᠪᠠ ᠠᠰᠠᠭᠤᠳᠠᠯ ᠳᠤ ᠴᠢᠭᠯᠡᠭᠦᠯᠦᠨ᠂ ᠢᠳᠡᠪᠬᠢᠲᠡᠶ ᠪᠠᠷ ᠲᠠᠶᠢᠯᠪᠤᠷᠢᠯᠠᠯᠲᠠ ᠪᠠ ᠬᠠᠷᠢᠭᠤᠯᠲᠠ ᠥᠭᠭᠦᠭᠰᠡᠨ ᠪᠠᠶᠢᠨ᠎ᠠ᠃ ᠵᠠᠯᠭᠠᠭᠠᠳ᠂ ᠨᠢᠭᠡ ᠪᠦᠯᠦᠭ ᠬᠥᠮᠦᠰ ᠪᠠᠰᠠ ᠲᠠᠩᠰᠠ ᠡᠪᠬᠡᠮᠡᠯ ᠤᠨ ᠪᠣᠳᠠᠲᠤ ᠪᠣᠳᠠᠰ ᠤᠨ ᠦᠵᠡᠭᠦᠯᠦᠯᠭᠡ ᠶᠢᠨ ᠲᠢᠩᠬᠢᠮ ᠪᠠ ᠲᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠲᠢᠩᠬᠢᠮ ᠢ ᠲᠣᠭᠤᠷᠢᠨ ᠦᠵᠡᠪᠡ᠃ ᠲᠣᠭᠤᠷᠢᠨ ᠦᠵᠡᠭᠴᠢᠳ ᠤᠨ ᠳᠤᠷᠠᠳᠤᠭᠰᠠᠨ ︽ᠦᠵᠡᠭᠦᠯᠦᠯᠭᠡ ᠶᠢᠨ ᠲᠢᠩᠬᠢᠮ ᠤᠨ ᠭᠠᠯ ᠤᠨᠲᠠᠷᠭᠠᠬᠤ ᠠᠰᠠᠭᠤᠳᠠᠯ︾᠂ ︽ᠵᠠᠰᠠᠵᠤ ᠪᠠᠶᠢᠴᠠᠭᠠᠭᠰᠠᠨ ᠪᠠᠶᠢᠳᠠᠯ︾᠂ ︽ᠲᠢᠩᠬᠢᠮ ᠤᠨ ᠳᠤᠯᠠᠭᠠᠯᠠᠭ᠎ᠠ ᠶᠢᠨ ᠪᠠᠶᠢᠳᠠᠯ︾ ᠵᠡᠷᠭᠡ ᠮᠠᠳᠠᠭ ᠲᠠᠢ ᠠᠰᠠᠭᠤᠳᠠᠯ ᠳᠤ ᠮᠠᠨ ᠤ ᠣᠷᠳᠣᠨ ᠤ ᠠᠵᠢᠯᠲᠠᠳ ᠨᠢᠭᠡᠳ ᠨᠢᠭᠡ ᠪᠠᠷ ᠬᠠᠷᠢᠭᠤᠯᠲᠠ ᠥᠭᠴᠦ ᠲᠠᠨᠢᠯᠴᠠᠭᠤᠯᠵᠠᠶ᠃     ᠲᠣᠭᠤᠷᠢᠨ ᠦᠵᠡᠵᠦ ᠰᠤᠷᠤᠯᠴᠠᠵᠤ ᠳᠠᠭᠤᠰᠤᠭᠰᠠᠨ ᠤ ᠳᠠᠷᠠᠭ᠎ᠠ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠤᠷᠤᠯᠴᠠᠯᠭ᠎ᠠ ᠰᠣᠯᠢᠯᠴᠠᠭ᠎ᠠ ᠪᠠᠷ ᠳᠠᠮᠵᠢᠭᠤᠯᠤᠨ ᠮᠠᠰᠢ ᠣᠯᠠᠨ ᠠᠰᠢᠭ ᠲᠤᠰᠠ ᠭᠥᠷᠳᠡᠵᠦ᠂ ᠲᠤᠬᠠᠶ ᠶᠢᠨ ᠭᠠᠵᠠᠷ ᠤᠨ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠪᠠ ᠬᠢᠷᠢ ᠲᠦᠪᠰᠢᠨ ᠢ ᠳᠡᠭᠡᠭᠰᠢᠯᠡᠭᠦᠯᠬᠦ ᠳᠤ ᠰᠢᠨ᠎ᠡ ᠰᠡᠳᠬᠢᠮᠵᠢ ᠬᠠᠩᠭᠠᠵᠤ᠂ ᠲᠤᠬᠠᠶ ᠶᠢᠨ ᠭᠠᠵᠠᠷ ᠤᠨ ᠲᠠᠩᠰᠠ ᠡᠪᠬᠡᠮᠡᠯ ᠤᠨ ᠲᠣᠭᠠᠵᠢᠭᠤᠯᠬᠤ ᠠᠵᠢᠯ ᠤᠨ ᠴᠢᠭᠯᠡᠯ ᠢ ᠵᠢᠭᠠᠨ ᠥᠭᠴᠦ᠂ ᠰᠡᠳᠬᠢᠮᠵᠢ ᠶᠢ ᠥᠷᠭᠡᠳᠬᠡᠨ᠂ ᠲᠠᠷᠠᠭᠠᠴᠢ ᠶᠢᠨ ᠠᠯᠬᠤᠮ ᠳᠤ ᠦᠷᠭᠦᠯᠵᠢᠯᠡᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠲᠠᠩᠰᠠ ᠡᠪᠬᠡᠮᠡᠯ ᠤᠨ ᠲᠣᠭᠠᠵᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ ᠭᠡᠵᠡᠶ᠃                         ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2