| | | | | | 4 ᠳ᠋ᠦ᠋ᠭᠡᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ 2023 ᠣᠨ ᠤ | ᠨᠢᠭᠡᠳᠦᠭᠡᠷ ᠤᠯᠠᠷᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ | ᠦᠷ᠎ᠡ ᠪᠦᠲᠦᠮᠵᠢ ᠶᠢ ᠳ᠋ᠦᠩᠨᠡᠵᠦ᠂ ᠣᠷᠣᠰᠢᠵᠤ ᠪᠠᠶᠢᠭ᠎ᠠ ᠵᠥᠷᠢᠶ᠎ᠡ ᠶᠢ ᠡᠮᠬᠢᠯᠡᠨ ᠵᠠᠳᠠᠯᠵᠤ᠂ ᠲᠠᠷᠠᠭᠠᠴᠢ ᠶᠢᠨ | ᠠᠯᠬᠤᠮ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠪᠥᠬᠦ ᠲᠤᠭᠤᠷᠢᠭ ᠤᠨ ᠳᠡᠭᠡᠳᠦ ᠳᠣᠤᠷᠠᠳᠤ ᠱᠠᠲᠤ ᠶᠢ | ᠳᠠᠶᠢᠴᠢᠯᠠᠨ ᠡᠷᠴᠢ ᠵᠣᠷᠢᠭ ᠢᠶᠠᠨ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠨᠠᠩ | ᠣᠨᠣᠪᠴᠢᠲᠠᠶ ᠪᠥᠭᠡᠳ ᠪᠦᠲᠦᠮᠵᠢᠲᠡᠶ ᠪᠠᠷ ᠠᠬᠢᠭᠤᠯᠵᠤ᠂ ᠮᠠᠨ ᠤ ᠲᠤᠭᠤᠷᠢᠭ ᠤᠨ ᠠᠵᠤ ᠠᠬᠤᠶ ᠶᠢᠨ ᠶᠡᠷᠦᠩᠬᠡᠶ | ᠬᠡᠮᠵᠢᠶ᠎ᠡ ᠶᠢ ᠪᠤᠵᠠᠭᠠᠶᠢᠷᠠᠭᠤᠯᠵᠤ᠂ ᠠᠵᠤ ᠠᠬᠤᠶ ᠶᠢᠨ ᠶᠠᠰᠤ ᠴᠢᠨᠠᠷ ᠢ ᠰᠢᠯᠢᠳᠡᠭᠵᠢᠭᠦᠯᠬᠦ ᠳᠤ ᠰᠠᠭᠤᠷᠢ ᠶᠢ | ᠪᠠᠲᠤᠳᠬᠠᠨ ᠪᠠᠬᠢᠵᠢᠭᠦᠯᠦᠨ᠎ᠡ᠃ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠵᠠᠩ ᠶᠦᠩ ᠸᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ | ᠷᠦᠢ ᠬᠤᠷᠠᠯ ᠡᠷᠭᠢᠯᠡᠪᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠰᠢᠤᠢ ᠯᠦᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ | ᠲᠦᠩ ᠢ᠂ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠲᠤᠭᠤᠷᠢᠭ ᠤᠨ ︽ᠰᠢᠭᠦᠬᠦ ᠬᠤᠷᠢᠶ᠎ᠠ ᠪᠠᠶᠢᠴᠠᠭᠠᠬᠤ | ᠬᠤᠷᠢᠶ᠎ᠠ︾ ᠶᠢᠨ ᠬᠤᠶᠠᠷ ᠳᠠᠷᠤᠭ᠎ᠠ ᠵᠢᠴᠢ ᠪᠤᠰᠤᠳ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ | ᠺᠠᠳ᠋ᠷᠴᠤᠳ ᠬᠤᠷᠠᠯ ᠳᠤ ᠣᠷᠣᠯᠴᠠᠵᠠᠶ᠃ | ᠵᠠᠩ ᠶᠦᠩ ᠸᠧᠨ ᠬᠡᠯᠡᠭᠰᠡᠨ ᠨᠢ᠂ ᠪᠦᠬᠦ ᠲᠤᠭᠤᠷᠢᠭ ᠤᠨ ᠳᠡᠭᠡᠳᠦ ᠲᠤᠤᠷᠠᠳᠤ ᠱᠠᠲᠤᠨ ᠤ ᠬᠠᠮᠲᠤ ᠶᠢᠨ | ᠴᠢᠷᠮᠠᠶᠢᠯᠭ᠎ᠠ ᠪᠠᠷ᠂ ᠤᠶᠤᠨ ᠴᠢᠳᠠᠯ ᠢᠶᠠᠨ ᠲᠥᠪᠯᠡᠷᠡᠭᠦᠯᠦᠨ ᠪᠡᠯᠡ ᠣᠷᠣᠭᠤᠯᠤᠯᠲᠠ ᠶᠢ ᠠᠳᠬᠤᠵᠤ᠂ ᠲᠦᠷᠦᠯ | ᠵᠦᠢᠯ ᠢ ᠲᠦᠷᠭᠡᠨ ᠡᠬᠢᠯᠡᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠠᠩᠬᠠᠨ ᠤ ᠤᠯᠠᠷᠢᠯ ᠤᠨ ︽ | ᠰᠠᠶᠢᠨ ᠡᠬᠢᠯᠡᠯᠲᠡ︾ ᠶᠢ ᠪᠡᠶᠡᠯᠡᠭᠦᠯᠵᠦ᠂ ᠠᠮᠵᠢᠯᠲᠠ ᠶᠢ ᠨᠢ ᠨᠤᠲᠠᠯᠠᠭᠤᠰᠢᠲᠠᠢ ᠭᠡᠵᠦ ᠬᠡᠯᠡᠪᠡ᠃ ᠭᠡᠪᠡᠴᠦ | ᠬᠠᠷᠢᠯᠴᠠᠭ᠎ᠠ ᠵᠣᠯᠭᠠᠯᠴᠠᠭ᠎ᠠ ᠨᠢ ᠰᠠᠨᠠᠭᠠᠴᠢᠯᠠᠭ᠎ᠠ ᠠᠴᠠ ᠪᠠᠨ ᠨᠢᠭᠲᠠ ᠪᠢᠰᠢ᠂ ᠲᠦᠷᠦᠯ ᠵᠦᠢᠯ ᠢ ᠴᠠᠭ ᠲᠤᠬᠠᠢ ᠳᠤᠨᠢ | ᠠᠬᠢᠭᠤᠯᠤᠭᠰᠠᠨ ᠢᠶᠠᠷ ᠬᠦᠷᠦᠯᠴᠡᠬᠦ ᠦᠭᠡᠢ᠂ ᠨᠠᠶᠢᠳᠠᠪᠤᠷᠢᠵᠢᠭᠤᠯᠤᠭᠰᠠᠨ ᠨᠢ ᠥᠨᠳᠥᠷ ᠪᠦᠲᠦᠮᠵᠢᠲᠡᠢ ᠪᠢᠰᠢ᠂ | ᠠᠬᠢᠴᠠ ᠨᠢ ᠬᠠᠩᠭᠠᠮᠵᠢᠲᠠᠢ ᠪᠢᠰᠢ᠂ ᠴᠢᠭᠯᠡᠯ ᠨᠢ ᠣᠨᠣᠪᠴᠢᠲᠠᠢ ᠪᠢᠰᠢ᠂ ᠪᠠᠲᠤᠯᠠᠭ᠎ᠠ ᠨᠢ ᠪᠠᠷᠢᠮᠵᠢᠶ᠎ᠠ ᠳᠤ | ᠬᠦᠷᠦᠭᠰᠡᠨ ᠢᠶᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠢ ᠣᠮᠲᠣᠭᠠᠶᠢᠯᠠᠵᠤ ᠪᠣᠯᠤᠰᠢ ᠦᠭᠡᠢ᠂ ᠡᠷᠬᠡᠪᠰᠢ ᠰᠡᠷᠭᠡᠭ | ᠪᠠᠶᠢᠵᠤ᠂ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ | ᠵᠠᠩ ᠶᠦᠩ ᠸᠧᠨ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢᠢᠳᠪᠦᠷᠢᠯᠡᠬᠦ | ᠰᠡᠳᠬᠢᠬᠦᠢ ᠶᠢ ᠪᠠᠲᠤᠳᠬᠠᠵᠤ᠂ ᠮᠠᠨ ᠤ ᠲᠤᠭᠤᠷᠢᠭ ᠤᠨ ᠡᠬᠢ ᠪᠠᠶᠠᠯᠢᠭ ᠤᠨ ᠳᠠᠪᠠᠭᠤᠯᠢᠭ᠂ ᠬᠠᠷᠢᠴᠠᠭᠤᠯᠤᠭᠰᠠᠨ | ᠳᠠᠪᠠᠭᠤᠯᠢᠭ᠂ ᠠᠵᠤ ᠦᠢᠯᠡᠰ ᠤᠨ ᠰᠠᠭᠤᠷᠢ ᠲᠠᠢ ᠤᠶᠠᠯᠳᠤᠭᠤᠯᠵᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠶᠢᠨ ᠬᠠᠨᠳᠤᠯᠭᠠᠲᠤ ᠴᠢᠨᠠᠷ ᠪᠣᠯᠤᠨ ᠠᠮᠵᠢᠯᠲᠠ ᠶᠢᠨ ᠨᠤᠷᠮ᠎ᠠ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ | ᠬᠤᠳᠠᠯᠳᠤᠭᠠᠴᠢᠨ ᠢ ᠳᠣᠲᠣᠨᠣᠴᠢᠯᠠᠬᠤ ᠣᠶᠢᠯᠠᠭᠠᠭᠳᠠᠬᠤᠨ᠂ ᠥᠨᠳᠥᠷ ᠦᠷ᠎ᠡ ᠪᠦᠲᠦᠮᠵᠢᠲᠡᠢ ᠪᠠᠶᠢᠬᠤ ᠤᠬᠠᠮᠰᠠᠷ ᠢ | ᠪᠤᠢ ᠪᠣᠯᠭᠠᠵᠤ᠂ ᠳᠣᠲᠣᠨᠣ ᠪᠥᠭᠡᠳ ᠬᠡᠮᠵᠢᠶ᠎ᠡ ᠲᠠᠢ᠂ ᠴᠡᠪᠡᠷ ᠪᠥᠭᠡᠳ ᠠᠵᠢᠯ ᠦᠢᠯᠡᠰ ᠢ ᠪᠦᠲᠦᠭᠡᠬᠦ ᠶᠢ ᠪᠠᠷᠢᠮᠲᠠᠯᠠᠵᠤ | ᠂ ︽ᠬᠡᠷᠡᠭ ᠶᠠᠪᠤᠳᠠᠯ ᠢ ᠬᠤᠶᠢᠰᠢᠯᠠᠭᠤᠯᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠮᠥᠷᠳᠡᠨ ᠵᠣᠯᠭᠠᠭᠤᠯᠬᠤ᠂ | ᠭᠠᠷ ᠭᠦᠢᠴᠡᠳᠬᠡᠯ ᠬᠢᠬᠦ᠂ ᠠᠰᠠᠭᠤᠳᠠᠯ ᠢ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠦᠷ᠎ᠡ ᠪᠦᠲᠦᠮᠵᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽ᠲᠠᠪᠤᠨ ᠦᠨᠳᠦᠰᠦᠨ ᠵᠦᠢᠯ ᠢ ᠶᠡᠬᠡᠪᠡᠷ ᠡᠬᠢᠯᠡᠭᠦᠯᠬᠦ︾ ᠠᠵᠢᠯᠯᠠᠭ᠎ᠠ ᠲᠠᠢ | ᠤᠶᠠᠯᠳᠤᠭᠤᠯᠵᠤ᠂ ᠰᠤᠯᠠ ᠪᠠᠶᠢᠬᠤ ᠭᠠᠵᠠᠷ ᠰᠢᠷᠣᠢ᠂ ᠦᠬᠦᠰᠢᠷᠡᠮᠡᠯ ᠠᠵᠤ ᠠᠬᠤᠶᠢᠯᠠᠯ᠂ ᠬᠠᠭᠠᠰ ᠳᠤᠲᠠᠭᠤ | ᠢᠨᠵᠧᠨᠧᠷᠢᠩ ᠢ ᠪᠦᠬᠦ ᠲᠠᠯ᠎ᠠ ᠪᠠᠷ ᠴᠡᠪᠡᠷᠯᠡᠵᠦ᠂ ᠰᠢᠨ᠎ᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ | ᠬᠦᠴᠦᠨ ᠢᠶᠠᠷ ᠢᠶᠠᠨ ᠪᠠᠲᠤᠯᠠᠵᠤ᠂ ᠰᠢᠩᠭᠡᠯᠢᠭ ᠢ ᠰᠤᠯᠠᠯᠠᠵᠤ ᠰᠢᠪᠠᠭᠤ ᠶᠢ ᠰᠣᠯᠢᠬᠤ ᠬᠡᠷᠡᠭᠲᠡᠢ᠃ ᠱᠠᠯᠠᠪᠳᠠᠭᠤᠯᠤᠨ | ᠪᠠᠶᠢᠴᠠᠭᠠᠵᠤ ᠲᠤᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠮᠬᠢᠯᠡᠵᠦ ᠬᠤᠷᠢᠶᠠᠩᠭᠤᠶᠢᠯᠠᠬᠤ᠂ ᠨᠡᠷᠡᠰ ᠤᠨ | ᠵᠢᠭᠰᠠᠭᠠᠯᠲᠠ ᠶᠢ ᠨᠡᠶᠢᠲᠡᠯᠡᠬᠦ ᠵᠡᠷᠭᠡ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠳᠠᠯᠢᠳᠬᠠᠨ ᠰᠤᠷᠤᠯᠴᠠᠬᠤ ᠂ | ᠬᠥᠭᠡᠭᠡᠵᠦ ᠭᠦᠢᠴᠡᠬᠦ ᠂ ᠳᠠᠪᠠᠵᠤ ᠭᠠᠷᠬᠤ ᠶᠢ ᠠᠬᠢᠭᠤᠯᠬᠤ ᠬᠡᠷᠡᠭᠲᠡᠢ᠃ | | ᠱᠢ ᠭᠤᠸᠠᠩ ᠵᠢᠨᠢᠩ ᠲᠣᠭᠤᠷᠢᠭ ᠤᠨ 2023 ᠣᠨ ᠤ ᠨᠢᠭᠡᠳᠦᠭᠡᠷ ᠤᠯᠠᠷᠢᠯ ᠤᠨ ᠬᠤᠳᠠᠯᠳᠤᠭᠠᠴᠢᠨ ᠤᠷᠢᠵᠤ | ᠪᠠᠯᠠ ᠣᠷᠣᠭᠤᠯᠤᠭᠰᠠᠨ ᠶᠡᠷᠦᠩᠬᠡᠶ ᠪᠠᠶᠢᠳᠠᠯ ᠢ ᠵᠠᠷᠯᠠᠨ ᠮᠡᠳᠡᠭᠳᠡᠪᠡ ᠃ ᠲᠤᠭᠤᠷᠢᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ ᠤᠨ | ᠬᠠᠷᠢᠭᠤᠴᠠᠯᠭᠠᠲᠠᠨ ᠨᠡᠶᠢᠲᠡᠯᠢᠭ ᠶᠠᠷᠢᠶ᠎ᠠ ᠲᠠᠯᠪᠢᠪᠠ᠃ ᠬᠡᠰᠡᠭ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠪᠣᠷ ᠢᠶᠠᠨ | ᠢᠯᠡᠳᠬᠡᠬᠦ ᠦᠭᠡ ᠬᠡᠯᠡᠪᠡ᠃ | ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠵᠢᠴᠢ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠵᠢᠴᠢ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ | ᠵᠠᠰᠠᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠵᠢᠷᠤᠭ᠄ ᠴᠢᠶᠤᠤ ᠮᠢᠨ | ᠤᠷᠴᠢᠭᠤᠯᠤᠭᠴᠢ᠄ ᠲᠤᠶᠠᠭ᠎ᠠ | | | |