ᠵᠢᠨᠢᠩ ᠲᠣᠭᠤᠷᠢᠭ 2023 ᠣᠨ ᠤ ᠨᠢᠭᠡᠳᠦᠭᠡᠷ ᠤᠯᠠᠷᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/18
      4 ᠳ᠋ᠦ᠋ᠭᠡᠷ ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ 2023 ᠣᠨ ᠤ ᠨᠢᠭᠡᠳᠦᠭᠡᠷ ᠤᠯᠠᠷᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠦᠷ᠎ᠡ ᠪᠦᠲᠦᠮᠵᠢ ᠶᠢ  ᠳ᠋ᠦᠩᠨᠡᠵᠦ᠂ ᠣᠷᠣᠰᠢᠵᠤ ᠪᠠᠶᠢᠭ᠎ᠠ ᠵᠥᠷᠢᠶ᠎ᠡ ᠶᠢ ᠡᠮᠬᠢᠯᠡᠨ ᠵᠠᠳᠠᠯᠵᠤ᠂ ᠲᠠᠷᠠᠭᠠᠴᠢ ᠶᠢᠨ ᠠᠯᠬᠤᠮ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠪᠥᠬᠦ ᠲᠤᠭᠤᠷᠢᠭ ᠤᠨ ᠳᠡᠭᠡᠳᠦ ᠳᠣᠤᠷᠠᠳᠤ ᠱᠠᠲᠤ ᠶᠢ ᠳᠠᠶᠢᠴᠢᠯᠠᠨ ᠡᠷᠴᠢ ᠵᠣᠷᠢᠭ ᠢᠶᠠᠨ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠨᠠᠩ ᠣᠨᠣᠪᠴᠢᠲᠠᠶ ᠪᠥᠭᠡᠳ ᠪᠦᠲᠦᠮᠵᠢᠲᠡᠶ ᠪᠠᠷ ᠠᠬᠢᠭᠤᠯᠵᠤ᠂ ᠮᠠᠨ ᠤ ᠲᠤᠭᠤᠷᠢᠭ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ  ᠪᠤᠵᠠᠭᠠᠶᠢᠷᠠᠭᠤᠯᠵᠤ᠂ ᠠᠵᠤ ᠠᠬᠤᠶ ᠶᠢᠨ ᠶᠠᠰᠤ ᠴᠢᠨᠠᠷ ᠢ ᠰᠢᠯᠢᠳᠡᠭᠵᠢᠭᠦᠯᠬᠦ ᠳᠤ ᠰᠠᠭᠤᠷᠢ ᠶᠢ ᠪᠠᠲᠤᠳᠬᠠᠨ ᠪᠠᠬᠢᠵᠢᠭᠦᠯᠦᠨ᠎ᠡ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃         ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠬᠤᠷᠠᠯ ᠡᠷᠭᠢᠯᠡᠪᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠢᠤᠢ ᠯᠦᠩ᠂  ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ᠂  ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂  ᠲᠤᠭᠤᠷᠢᠭ ᠤᠨ  ︽ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ︾᠎ ᠶᠢᠨ ᠬᠤᠶᠠᠷ ᠳᠠᠷᠤᠭ᠎ᠠ ᠵᠢᠴᠢ ᠪᠤᠰᠤᠳ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠬᠤᠷᠠᠯ ᠳᠤ ᠣᠷᠣᠯᠴᠠᠵᠠᠶ᠃      ᠵᠠᠩ ᠶᠦᠩ ᠸᠧᠨ ᠬᠡᠯᠡᠭᠰᠡᠨ ᠨᠢ᠂ ᠪᠦᠬᠦ  ᠲᠤᠭᠤᠷᠢᠭ ᠤᠨ ᠳᠡᠭᠡᠳᠦ ᠲᠤᠤᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ᠂ ᠤᠶᠤᠨ ᠴᠢᠳᠠᠯ ᠢᠶᠠᠨ ᠲᠥᠪᠯᠡᠷᠡᠭᠦᠯᠦᠨ ᠪᠡᠯᠡ ᠣᠷᠣᠭᠤᠯᠤᠯᠲᠠ ᠶᠢ ᠠᠳᠬᠤᠵᠤ᠂ ᠲᠦᠷᠦᠯ ᠵᠦᠢᠯ ᠢ ᠲᠦᠷᠭᠡᠨ ᠡᠬᠢᠯᠡᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠠᠩᠬᠠᠨ ᠤ ᠤᠯᠠᠷᠢᠯ ᠤᠨ ︽ᠰᠠᠶᠢᠨ ᠡᠬᠢᠯᠡᠯᠲᠡ︾᠎ ᠶᠢ ᠪᠡᠶᠡᠯᠡᠭᠦᠯᠵᠦ᠂ ᠠᠮᠵᠢᠯᠲᠠ ᠶᠢ ᠨᠢ ᠨᠤᠲᠠᠯᠠᠭᠤᠰᠢᠲᠠᠢ ᠭᠡᠵᠦ ᠬᠡᠯᠡᠪᠡ᠃ ᠭᠡᠪᠡᠴᠦ ᠬᠠᠷᠢᠯᠴᠠᠭ᠎ᠠ ᠵᠣᠯᠭᠠᠯᠴᠠᠭ᠎ᠠ ᠨᠢ ᠰᠠᠨᠠᠭᠠᠴᠢᠯᠠᠭ᠎ᠠ ᠠᠴᠠ ᠪᠠᠨ ᠨᠢᠭᠲᠠ ᠪᠢᠰᠢ᠂ ᠲᠦᠷᠦᠯ ᠵᠦᠢᠯ ᠢ ᠴᠠᠭ ᠲᠤᠬᠠᠢ ᠳᠤᠨᠢ ᠠᠬᠢᠭᠤᠯᠤᠭᠰᠠᠨ ᠢᠶᠠᠷ ᠬᠦᠷᠦᠯᠴᠡᠬᠦ ᠦᠭᠡᠢ᠂ ᠨᠠᠶᠢᠳᠠᠪᠤᠷᠢᠵᠢᠭᠤᠯᠤᠭᠰᠠᠨ ᠨᠢ ᠥᠨᠳᠥᠷ ᠪᠦᠲᠦᠮᠵᠢᠲᠡᠢ ᠪᠢᠰᠢ᠂ ᠠᠬᠢᠴᠠ ᠨᠢ ᠬᠠᠩᠭᠠᠮᠵᠢᠲᠠᠢ ᠪᠢᠰᠢ᠂ ᠴᠢᠭᠯᠡᠯ ᠨᠢ ᠣᠨᠣᠪᠴᠢᠲᠠᠢ ᠪᠢᠰᠢ᠂ ᠪᠠᠲᠤᠯᠠᠭ᠎ᠠ ᠨᠢ ᠪᠠᠷᠢᠮᠵᠢᠶ᠎ᠠ ᠳᠤ ᠬᠦᠷᠦᠭᠰᠡᠨ ᠢᠶᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠢ ᠣᠮᠲᠣᠭᠠᠶᠢᠯᠠᠵᠤ ᠪᠣᠯᠤᠰᠢ ᠦᠭᠡᠢ᠂ ᠡᠷᠬᠡᠪᠰᠢ ᠰᠡᠷᠭᠡᠭ ᠪᠠᠶᠢᠵᠤ᠂ ᠴᠡᠭᠴᠡᠯᠡᠨ  ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃     ᠵᠠᠩ ᠶᠦᠩ ᠸᠧᠨ ᠱᠠᠭᠠᠷᠳᠠᠭᠰᠠᠨ ᠨᠢ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢᠢᠳᠪᠦᠷᠢᠯᠡᠬᠦ ᠰᠡᠳᠬᠢᠬᠦᠢ ᠶᠢ ᠪᠠᠲᠤᠳᠬᠠᠵᠤ᠂ ᠮᠠᠨ ᠤ ᠲᠤᠭᠤᠷᠢᠭ ᠤᠨ ᠡᠬᠢ ᠪᠠᠶᠠᠯᠢᠭ ᠤᠨ ᠳᠠᠪᠠᠭᠤᠯᠢᠭ᠂ ᠬᠠᠷᠢᠴᠠᠭᠤᠯᠤᠭᠰᠠᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠲᠠᠢ ᠤᠶᠠᠯᠳᠤᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢᠨ ᠬᠠᠨᠳᠤᠯᠭᠠᠲᠤ ᠴᠢᠨᠠᠷ ᠪᠣᠯᠤᠨ ᠠᠮᠵᠢᠯᠲᠠ ᠶᠢᠨ ᠨᠤᠷᠮ᠎ᠠ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠤᠳᠠᠯᠳᠤᠭᠠᠴᠢᠨ ᠢ ᠳᠣᠲᠣᠨᠣᠴᠢᠯᠠᠬᠤ ᠣᠶᠢᠯᠠᠭᠠᠭᠳᠠᠬᠤᠨ᠂ ᠥᠨᠳᠥᠷ ᠦᠷ᠎ᠡ ᠪᠦᠲᠦᠮᠵᠢᠲᠡᠢ ᠪᠠᠶᠢᠬᠤ ᠤᠬᠠᠮᠰᠠᠷ ᠢ ᠪᠤᠢ ᠪᠣᠯᠭᠠᠵᠤ᠂ ᠳᠣᠲᠣᠨᠣ ᠪᠥᠭᠡᠳ ᠬᠡᠮᠵᠢᠶ᠎ᠡ ᠲᠠᠢ᠂ ᠴᠡᠪᠡᠷ ᠪᠥᠭᠡᠳ ᠠᠵᠢᠯ ᠦᠢᠯᠡᠰ ᠢ ᠪᠦᠲᠦᠭᠡᠬᠦ ᠶᠢ ᠪᠠᠷᠢᠮᠲᠠᠯᠠᠵᠤ ᠂ ︽ᠬᠡᠷᠡᠭ ᠶᠠᠪᠤᠳᠠᠯ ᠢ ᠬᠤᠶᠢᠰᠢᠯᠠᠭᠤᠯᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠮᠥᠷᠳᠡᠨ ᠵᠣᠯᠭᠠᠭᠤᠯᠬᠤ᠂ ᠭᠠᠷ ᠭᠦᠢᠴᠡᠳᠬᠡᠯ ᠬᠢᠬᠦ᠂ ᠠᠰᠠᠭᠤᠳᠠᠯ ᠢ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽ᠲᠠᠪᠤᠨ ᠦᠨᠳᠦᠰᠦᠨ ᠵᠦᠢᠯ ᠢ ᠶᠡᠬᠡᠪᠡᠷ ᠡᠬᠢᠯᠡᠭᠦᠯᠬᠦ︾ ᠠᠵᠢᠯᠯᠠᠭ᠎ᠠ ᠲᠠᠢ ᠤᠶᠠᠯᠳᠤᠭᠤᠯᠵᠤ᠂ ᠰᠤᠯᠠ ᠪᠠᠶᠢᠬᠤ ᠭᠠᠵᠠᠷ ᠰᠢᠷᠣᠢ᠂ ᠦᠬᠦᠰᠢᠷᠡᠮᠡᠯ ᠠᠵᠤ ᠠᠬᠤᠶᠢᠯᠠᠯ᠂ ᠬᠠᠭᠠᠰ ᠳᠤᠲᠠᠭᠤ ᠢᠨᠵᠧᠨᠧᠷᠢᠩ ᠢ ᠪᠦᠬᠦ ᠲᠠᠯ᠎ᠠ ᠪᠠᠷ ᠴᠡᠪᠡᠷᠯᠡᠵᠦ᠂ ᠰᠢᠨ᠎ᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠰᠢᠩᠭᠡᠯᠢᠭ ᠢ ᠰᠤᠯᠠᠯᠠᠵᠤ ᠰᠢᠪᠠᠭᠤ ᠶᠢ ᠰᠣᠯᠢᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠲᠤᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠮᠬᠢᠯᠡᠵᠦ ᠬᠤᠷᠢᠶᠠᠩᠭᠤᠶᠢᠯᠠᠬᠤ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠵᠡᠷᠭᠡ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠳᠠᠯᠢᠳᠬᠠᠨ ᠰᠤᠷᠤᠯᠴᠠᠬᠤ ᠂ ᠬᠥᠭᠡᠭᠡᠵᠦ ᠭᠦᠢᠴᠡᠬᠦ ᠂ ᠳᠠᠪᠠᠵᠤ ᠭᠠᠷᠬᠤ ᠶᠢ ᠠᠬᠢᠭᠤᠯᠬᠤ ᠬᠡᠷᠡᠭᠲᠡᠢ᠃     ᠱᠢ ᠭᠤᠸᠠᠩ ᠵᠢᠨᠢᠩ ᠲᠣᠭᠤᠷᠢᠭ ᠤᠨ 2023 ᠣᠨ ᠤ ᠨᠢᠭᠡᠳᠦᠭᠡᠷ ᠤᠯᠠᠷᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠶᠡᠷᠦᠩᠬᠡᠶ ᠪᠠᠶᠢᠳᠠᠯ ᠢ ᠵᠠᠷᠯᠠᠨ ᠮᠡᠳᠡᠭᠳᠡᠪᠡ ᠃  ᠲᠤᠭᠤᠷᠢᠭ ᠤᠨ  ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠨᠡᠶᠢᠲᠡᠯᠢᠭ ᠶᠠᠷᠢᠶ᠎ᠠ ᠲᠠᠯᠪᠢᠪᠠ᠃ ᠬᠡᠰᠡᠭ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃     ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂  ᠨᠢᠭᠡᠴᠢ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠵᠢᠴᠢ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                      ᠵᠢᠷᠤᠭ᠄ ᠴᠢᠶᠤᠤ ᠮᠢᠨ                      ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2