ᠴᠢᠶᠣᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠯᠤᠰ ᠲᠦᠷᠦ ᠬᠠᠤᠯᠢ ᠴᠠᠭᠠᠵᠠ ᠶᠢᠨ ᠲᠦᠷᠦᠯ ᠲᠡᠮᠳᠡᠭ ᠤᠨ ᠠᠵᠢᠯ ᠢ ᠡᠭᠦᠳᠦᠨ ᠪᠠᠶᠢᠭᠤᠯᠵᠤ ᠳᠡᠭᠡᠭᠰᠢᠯᠡᠭᠦᠯᠬᠦ ᠠᠵᠢᠯ ᠢ ᠠᠬᠢᠭᠤᠯᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/4/18
      4 ᠰᠠᠷ᠎ᠠ ᠶᠢᠨ 11᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠦᠨᠳᠦᠰᠦᠨ ᠱᠠᠲᠤᠨ ᠤ ᠰᠠᠭᠤᠷᠢ ᠪᠠᠭᠤᠷᠠᠶ ᠪᠠᠶᠢᠬᠤ ᠵᠡᠷᠭᠡ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠶᠳᠪᠦᠷᠢᠯᠡᠵᠦ᠂ ᠴᠢᠶᠣᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠤᠯᠤᠰ ᠲᠦᠷᠦ ᠬᠠᠤᠯᠢ ᠴᠠᠭᠠᠵᠠ ᠶᠢᠨ ᠲᠦᠷᠦᠯ ᠲᠡᠮᠳᠡᠭ ᠤᠨ ᠠᠵᠢᠯ ᠢ ᠡᠭᠦᠳᠦᠨ ᠪᠠᠶᠢᠭᠤᠯᠵᠤ ᠳᠡᠭᠡᠭᠰᠢᠯᠡᠭᠦᠯᠬᠦ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠂ ᠲᠤᠰ ᠤᠳᠠᠭ᠎ᠠ ᠶᠢᠨ ᠬᠤᠷᠠᠯ ᠢ ᠴᠢᠶᠣᠤ ᠰᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠭᠦᠸᠧ ᠵᠢᠶᠠᠨ ᠳ᠋ᠦᠩ ᠡᠷᠬᠢᠯᠡᠵᠦ᠂ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ  ᠬᠤᠷᠢᠶ᠎ᠠ ᠶᠢᠨ ᠱᠦᠵᠢ ᠵᠠᠩ ᠰᠢᠶᠤᠤ ᠾᠦᠢ ᠠᠵᠢᠯ ᠪᠠᠶᠢᠷᠢᠯᠠᠭᠤᠯᠬᠤ ᠶᠠᠷᠢᠶ᠎ᠠ ᠲᠠᠯᠪᠢᠵᠤ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠠᠪᠤ ᠶᠢ ᠡᠷᠬᠢᠯᠡᠬᠦ‍ ᠨᠢᠭᠡ ᠶᠢ ᠡᠷᠬᠢᠯᠡᠬᠦ ᠲᠥᠪ ᠤᠨ ᠬᠠᠷᠢᠭᠤᠴᠠᠯᠭᠠᠲᠠᠨ ᠵᠢᠴᠢ ᠡᠯ᠎ᠡ ᠨᠡᠶᠢᠭᠡᠮ ᠲᠣᠭᠤᠷᠢᠭ ᠤᠨ ᠱᠦᠵᠢ᠂ ᠡᠯ᠎ᠡ ᠨᠡᠶᠢᠭᠡᠮ ᠲᠣᠭᠤᠷᠢᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠵᠠᠩ ᠰᠢᠶᠤᠤ ᠾᠦᠢ ︽ᠵᠢᠨᠢᠩ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ︾᠎ ᠤᠨ ᠦᠨᠳᠦᠰᠦᠨ ᠱᠠᠲᠤᠨ ᠤ ᠰᠠᠭᠤᠷᠢ ᠶᠢ ᠳᠡᠭᠡᠭᠰᠢᠯᠡᠭᠦᠯᠬᠦ ᠣᠨ ᠤ ︽ᠠᠵᠢᠯ ᠤᠨ ᠲᠥᠰᠦᠯ︾᠎ ᠢ ᠤᠯᠠᠮᠵᠢᠯᠠᠭᠰᠠᠨ ᠤ ᠬᠠᠮᠲᠤ ᠨᠠᠷᠠᠲᠤ ᠲᠡᠮᠳᠡᠭᠲᠦ ᠶᠢ ᠡᠭᠦᠳᠬᠦ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠄ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠡᠯ᠎ᠡ ᠨᠡᠶᠢᠭᠡᠮ ᠲᠣᠭᠤᠷᠢᠭ ᠤᠨ ᠬᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠦᠴᠦᠲᠡᠶ ᠠᠬᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ︔ ᠠᠵᠢᠯ ᠤᠨ ᠲᠠᠯ᠎ᠠ ᠪᠠᠷ ᠪᠣᠳᠠᠲᠠᠶ ᠠᠰᠠᠭᠤᠳᠠᠯ ᠢ ᠢᠳᠡᠪᠬᠢᠲᠡᠶ ᠪᠠᠷ ᠰᠤᠳᠤᠯᠤᠨ ᠰᠢᠶᠳᠪᠦᠷᠢᠯᠡᠵᠦ᠂ ᠤᠯᠤᠰ ᠲᠥᠷᠥ ᠬᠠᠤᠯᠢ ᠴᠠᠭᠠᠵᠠ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠣᠨ ᠤ ᠴᠢᠬᠤᠯᠠ ᠠᠵᠢᠯ ᠪᠣᠯᠭᠠᠨ᠂ ᠵᠡᠭᠡᠯᠢ ᠭᠤᠳᠤᠮᠵᠢ ᠶᠢᠨ ᠬᠢᠨ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠠᠬᠢᠴᠠ ᠳᠤ ᠪᠠᠶᠢᠴᠠᠭᠠᠯᠲᠠ ᠬᠢᠵᠦ᠂ ᠡᠭᠦᠳᠦᠨ ᠪᠠᠶᠢᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠬᠡᠷᠡᠭᠲᠡᠶ᠃ ᠬᠤᠶᠠᠷ ᠲᠤ ᠡᠯ᠎ᠡ ᠨᠡᠶᠢᠭᠡᠮ ᠲᠣᠭᠤᠷᠢᠭ ᠨᠢ ᠰᠤᠷᠤᠯᠴᠠᠨ ᠰᠣᠯᠢᠯᠴᠠᠵᠤ᠂ ᠬᠠᠷᠢᠯᠴᠠᠨ ᠬᠠᠮᠵᠢᠯᠴᠠᠵᠤ᠂ ᠬᠤᠯᠪᠣᠭᠠᠯᠠᠨ ᠬᠥᠳᠡᠯᠦᠯᠴᠡᠬᠦ ᠶᠢ ᠪᠣᠶ ᠪᠣᠯᠭᠠᠬᠤ ᠬᠡᠷᠡᠭᠲᠡᠶ᠃ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠭᠤᠷᠪᠠ ᠳᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠶ᠃ ᠠᠵᠢᠯ ᠤᠨ ᠠᠷᠭ᠎ᠠ ᠮᠠᠶ᠋ᠢᠭ ᠢᠶᠠᠨ ᠬᠠᠯᠠᠨ ᠰᠠᠶᠢᠵᠢᠷᠠᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠦᠶᠯᠡᠴᠢᠯᠡᠭᠡᠨ ᠤ ᠦᠷ᠎ᠡ ᠪᠦᠲᠦᠮᠵᠢ ᠶᠢ ᠦᠨᠡᠨᠬᠦ ᠪᠠᠲᠤᠯᠠᠵᠤ᠂ ᠤᠯᠤᠰ ᠲᠥᠷᠥ ᠬᠠᠤᠯᠢ ᠴᠠᠭᠠᠵᠠ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠠᠵᠢᠯᠯᠠᠭ᠎ᠠ ᠶᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠬᠦᠴᠦᠲᠡᠶ ᠳᠥᠯᠭᠢᠨ ᠠᠬᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠳᠠᠶᠢᠴᠢᠯᠠᠨ ᠰᠢᠨ᠎ᠡ ᠨᠢᠭᠡᠨ ᠳᠡᠭᠲᠡᠷ ᠲᠤ ᠭᠠᠷᠭᠠᠬᠤ ᠬᠡᠷᠡᠭᠲᠡᠶ᠃     ᠲᠠᠷᠠᠭᠠᠴᠢ ᠶᠢᠨ ᠠᠯᠬᠤᠮ ᠳᠤ ᠡᠯ᠎ᠡ ᠨᠡᠶᠢᠭᠡᠮ ᠲᠣᠭᠤᠷᠢᠭ ᠤᠨ ᠬᠢᠨ ᠴᠢᠬᠤᠯᠠᠴᠢᠯᠠᠬᠤ ᠡᠷᠴᠢᠮ ᠢᠶᠠᠨ ᠴᠢᠩᠭᠠᠷᠠᠭᠤᠯᠵᠤ᠂ ᠡᠭᠦᠳᠦᠨ ᠪᠠᠶᠢᠭᠤᠯᠬᠤ ᠲᠥᠰᠦᠯ ᠢᠶᠠᠨ ᠲᠡᠭᠦᠯᠳᠡᠷᠵᠢᠭᠦᠯᠦᠨ᠂ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠭᠦᠨᠵᠡᠭᠡᠶ ᠠᠭᠤᠳᠠᠯᠤᠨ ᠳ᠋ᠦᠩᠨᠡᠵᠦ᠂ ᠠᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠂ ᠨᠠᠷᠠᠲᠤ ᠲᠥᠷᠥᠯ ᠲᠡᠮᠳᠡᠭᠲᠦ ᠎ ᠶᠢ ᠢᠳᠡᠪᠬᠢᠲᠡᠶ ᠪᠠᠷ ᠪᠣᠶ ᠪᠣᠯᠭᠠᠬᠤ ᠶᠢᠨ ᠬᠠᠮᠲᠤ ᠴᠠᠭ ᠲᠤᠬᠠᠶ ᠳᠤᠨᠢ ᠠᠵᠢᠯ ᠤᠨ ᠬᠠᠷᠢᠭᠤ ᠲᠤᠰᠬᠠᠯ ᠭᠠᠷᠭᠠᠵᠤ᠂ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃                              ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2