ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠨᠠᠷ ᠴᠠᠩ ᠴᠢᠩ ᠵᠡᠭᠡᠯᠢ ᠭᠤᠳᠤᠮᠵᠢ ᠳᠤ ᠭᠦᠨᠵᠡᠭᠡᠶᠢᠷᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠰᠢᠶᠳᠪᠦᠷᠢᠯᠡᠵᠦ ᠬᠠᠪᠰᠤᠷᠤᠨ ᠰᠢᠶᠳᠪᠦᠷᠢᠯᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/4/18
     4 ᠰᠠᠷ᠎ᠠ ᠶᠢᠨ 13᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠨᠠᠷ ᠴᠠᠩ ᠴᠢᠩ ᠵᠡᠭᠡᠯᠢ ᠭᠤᠳᠤᠮᠵᠢ ᠳᠤ ᠭᠦᠨᠵᠡᠭᠡᠶᠢᠷᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠬᠡᠵᠦ ᠬᠠᠪᠰᠤᠷᠤᠨ ᠰᠢᠶᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠧᠦ ᠲᠤᠤ ᠷᠠᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠵᠠᠩ ᡁᠢ ᠷᠦᠩ᠂ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠸᠠᠩ ᠯᠢ ᠰᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠤ᠂ ᠴᠠᠩ ᠴᠢᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠰᠦᠩ ᠸᠧᠨ ᠵᠢᠶᠧ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃     ᠵᠠᠩ ᠶᠦᠩ ᠸᠧᠨ ᠨᠡᠷ ᠬᠤᠸᠠ ᠨᠢᠩ ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠰᠢᠶᠳᠪᠦᠷᠢᠯᠡᠬᠦ ᠬᠠᠪᠰᠤᠷᠤᠨ ᠰᠢᠶᠳᠪᠦᠷᠢᠯᠡᠬᠦ ᠳᠦᠷᠢᠮ ᠤᠨ ᠬᠠᠷᠢᠭᠤᠴᠠᠯᠭ᠎ᠠ᠂ ᠶᠠᠪᠤᠴᠠ᠂ ᠠᠵᠢᠯ ᠤᠨ ᠬᠤᠪᠢᠶᠠᠷᠢᠯᠠᠯ ᠪᠠ ᠣᠯᠤᠭᠰᠠᠨ ᠪᠣᠳᠠᠲᠠᠶ ᠦᠷ᠎ᠡ ᠪᠦᠲᠦᠮᠵᠢ ᠶᠢ ᠨᠠᠷᠢᠨ ᠠᠰᠠᠭᠤᠨ ᠯᠠᠪᠯᠠᠵᠤ᠂ ᠴᠠᠩ ᠴᠢᠩ ᠵᠡᠭᠡᠯᠢ ᠭᠤᠳᠤᠮᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠬᠡᠵᠦ ᠬᠠᠪᠰᠤᠷᠤᠨ ᠰᠢᠶᠳᠪᠦᠷᠢᠯᠡᠭᠰᠡᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠤ ᠲᠠᠷᠠᠭ᠎ᠠ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠣᠷᠣᠯᠠᠨ ᠭᠦᠢᠴᠡᠳᠬᠡᠬᠦ ᠠᠵᠢᠯᠳᠠᠨ ᠢ ᠲᠣᠬᠢᠷᠠᠭᠤᠯᠬᠤ᠂ ᠲᠦᠷᠢᠮ ᠲᠣᠭᠲᠠᠭᠠᠬᠤ᠂ ᠣᠷᠣᠯᠠᠨ ᠭᠦᠢᠴᠡᠳᠬᠡᠬᠦ ᠵᠦᠢᠯᠡᠰ ᠤᠨ ᠲᠤᠭ᠎ᠠ ᠬᠡᠮᠵᠢᠶ᠎ᠡ ᠵᠢᠴᠢ ᠰᠢᠶᠳᠪᠦᠷᠢᠯᠡᠵᠦ ᠳᠠᠭᠤᠰᠬᠠᠭᠰᠠᠨ ᠨᠤᠷᠮ᠎ᠠ ᠪᠠ ᠲᠠᠩᠰᠠ ᠡᠪᠬᠡᠮᠡᠯ ᠤᠨ ᠡᠭᠡ ᠲᠠᠩᠰᠠ ᠵᠡᠷᠭᠡ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠣᠷᠣᠯᠠᠨ ᠭᠦᠢᠴᠡᠳᠬᠡᠵᠦ ᠬᠠᠪᠰᠤᠷᠤᠨ ᠰᠢᠶᠳᠪᠦᠷᠢᠯᠡᠬᠦ ᠠᠵᠢᠯ ᠳᠤ ᠵᠢᠯᠤᠭᠤᠳᠤᠯᠭ᠎ᠠ ᠶᠢᠨ ᠴᠢᠨᠠᠷᠲᠠᠶ ᠰᠠᠨᠠᠯ ᠳᠤᠷᠠᠳᠴᠠᠶ᠃      ᠵᠠᠩ ᠶᠦᠩ ᠸᠧᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠵᠠᠬᠢᠳᠠᠯ ᠰᠤᠷᠪᠤᠯᠵᠢᠯᠠᠭ᠎ᠠ ᠶᠢᠨ ᠬᠠᠪᠰᠤᠷᠤᠨ ᠰᠢᠢᠳᠪᠦᠷᠢᠯᠡᠬᠦ ᠣᠷᠣᠯᠠᠨ ᠭᠦᠢᠴᠡᠳᠬᠡᠬᠦ ᠠᠵᠢᠯ ᠤᠨ ᠤᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠶᠢ ᠡᠭᠦᠳᠬᠦ ᠶᠢ ᠰᠦᠪᠡᠭᠴᠢᠯᠡᠬᠦ ᠬᠡᠷᠡᠭᠲᠡᠢ᠂ ︽ᠰᠢᠨ᠎ᠡ ᠯᠣᠩᠬᠤᠨ ᠳᠤ ᠬᠠᠭᠤᠴᠢᠨ ᠠᠷᠢᠬᠢ ᠰᠠᠪᠠᠯᠠᠬᠤ︾ ︽ᠰᠢᠨ᠎ᠡ ᠱᠠᠬᠠᠢ ᠡᠮᠦᠰᠴᠦ ᠬᠠᠭᠤᠴᠢᠨ ᠵᠠᠮ ᠢᠶᠠᠷ ᠢᠶᠠᠨ ᠶᠠᠪᠤᠬᠤ︾ ᠦᠭᠡᠢ ᠪᠠᠶᠢᠬᠤ ᠬᠡᠷᠡᠭᠲᠡᠢ᠃ ᠠᠰᠠᠭᠤᠳᠠᠯ ᠢ ᠰᠢᠶᠳᠪᠦᠷᠢᠯᠡᠬᠦ ᠳᠡᠭᠡᠨ ᠪᠣᠳᠠᠲᠠᠶ ᠠᠵᠢᠯ ᠤᠨ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠶ᠂ ᠬᠡᠯᠪᠡᠷᠢ ᠶᠢᠨ ᠦᠵᠡᠯ ᠢ ᠶᠠᠪᠤᠭᠤᠯᠵᠤ ᠪᠣᠯᠬᠤ ᠦᠭᠡᠢ᠂ ᠤᠯᠠᠨ ᠲᠦᠮᠡᠨ ᠤ ᠠᠩᠬᠠᠨ ᠤ ᠵᠠᠬᠢᠳᠠᠯ ᠰᠤᠷᠪᠤᠯᠵᠢᠯᠠᠭ᠎ᠠ ᠶᠢ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠪᠦᠲᠦᠮᠵᠢᠲᠡᠶ ᠰᠢᠶᠳᠪᠦᠷᠢᠯᠡᠬᠦ ᠶᠢ ᠲᠦᠯᠬᠢᠨ ᠠᠬᠢᠭᠤᠯᠵᠤ᠂ ᠵᠥᠷᠢᠴᠡᠯ ᠢ ᠴᠠᠭ ᠲᠤᠬᠠᠶ ᠳᠤᠨᠢ ᠦᠨᠳᠦᠰᠦᠨ ᠱᠠᠲᠤᠨ ᠳᠤ ᠰᠢᠶᠳᠪᠦᠷᠢᠯᠡᠬᠦ ᠬᠡᠷᠡᠭᠲᠡᠶ᠃ ᠲᠤᠷᠰᠢᠯᠭ᠎ᠠ ᠠᠷᠭ᠎ᠠ ᠬᠢᠳᠡᠯ ᠢᠶᠠᠨ ᠦᠷᠭᠦᠯᠵᠢ ᠳ᠋ᠦᠩᠨᠡᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠣᠷᠣᠯᠠᠨ ᠭᠦᠢᠴᠡᠳᠬᠡᠭᠴᠢ ᠶᠢᠨ ᠮᠥᠷᠳᠡᠬᠦ᠂ ᠵᠣᠬᠢᠴᠠᠭᠤᠯᠬᠤ᠂ ᠬᠢᠨᠠᠯᠲᠠ ᠲᠠᠯᠪᠢᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠶᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠭ᠎ᠠ ᠶᠢ ᠥᠷᠭᠡᠨ ᠳᠡᠯᠭᠡᠷ ᠥᠷᠨᠢᠭᠦᠯᠵᠦ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠠᠪᠰᠤᠷᠤᠨ ᠰᠢᠶᠳᠪᠦᠷᠢᠯᠡᠬᠦ ᠣᠷᠣᠯᠠᠨ ᠰᠢᠶᠳᠪᠦᠷᠢᠯᠡᠬᠦ ᠠᠵᠢᠯ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠬᠠᠪᠰᠤᠷᠤᠨ ᠰᠢᠶᠳᠪᠦᠷᠢᠯᠡᠬᠦ ᠣᠷᠣᠯᠠᠨ ᠰᠢᠶᠳᠪᠦᠷᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠶᠢ ᠥᠷᠭᠡᠳᠬᠡᠬᠦ ᠬᠡᠷᠡᠭᠲᠡᠶ᠃    ᠳᠠᠷᠠᠭᠠᠴᠢ ᠶᠢᠨ ᠠᠯᠬᠤᠮ ᠳᠤ᠂ ᠴᠠᠩ ᠴᠢᠩ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠬᠠᠪᠰᠤᠷᠤᠨ ᠬᠢᠬᠦ ᠣᠷᠣᠯᠠᠨ ᠭᠦᠢᠴᠡᠳᠬᠡᠬᠦ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠥᠪᠡᠷ ᠤᠨ ᠦᠷᠳᠡᠭ ᠢ ᠴᠢᠨᠠᠭᠰᠢᠳᠠ ᠪᠠᠭᠤᠷᠠᠭᠤᠯᠵᠤ᠂ ᠤᠯᠠᠨ ᠲᠦᠮᠡᠨ ᠳᠤ ᠲᠦᠷᠦ ᠶᠢᠨ ᠪᠤᠳᠤᠯᠭ᠎ᠠ ᠶᠢᠨ ᠲᠦᠭᠦᠮ ᠨᠥᠬᠦᠴᠡᠯ ᠢ ᠦᠨᠡᠨᠬᠦ ᠡᠳ᠋ᠯᠡᠭᠦᠯᠵᠦ᠂ ᠤᠯᠠᠨ ᠲᠦᠮᠡᠨ ᠤ ᠤᠶᠢᠷ᠎ᠠ ᠬᠠᠪᠢ ᠳᠠᠭᠠᠨ ᠠᠵᠢᠯ ᠶᠠᠪᠤᠳᠠᠯ ᠰᠢᠢᠳᠪᠦᠷᠢᠯᠡᠬᠦ ᠳᠤ ᠵᠢᠷᠤᠮᠵᠢᠯ ᠲᠠᠢ᠂ ᠢᠯᠡ ᠲᠣᠳᠣ᠂ ᠥᠨᠳᠥᠷ ᠪᠦᠲᠦᠮᠵᠢᠲᠡᠢ᠂ ᠳᠥᠭᠦᠮ ᠳᠥᠲᠡ ᠬᠠᠪᠰᠤᠷᠤᠨ ᠬᠢᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠦᠨᠡᠨᠬᠦ ᠬᠠᠩᠭᠠᠨ᠎ᠠ᠃                                 ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2