ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠠᠮᠤᠷ  ᠲᠥᠪᠰᠢᠨ ᠢ ᠪᠦᠬᠦ ᠬᠦᠴᠦᠨ ᠢᠶᠠᠷ ᠪᠠᠲᠤᠯᠠᠨ᠎ᠠ
ᠨᠡᠶᠢᠲᠡᠯᠡᠭᠰᠡᠨ ᠴᠠᠭ᠄
2023/4/18
     ᠢᠳᠡᠭᠡᠨ ᠤᠮᠳᠠᠭᠠᠨ ᠤ ᠦᠶᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠬᠠᠮᠤᠭ ᠡᠴᠦᠰ ᠤᠨ ᠪᠣᠭᠤᠮᠲᠠ ᠮᠥᠨ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠨ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠪᠠ ᠬᠦᠴᠢᠷᠳᠡᠯ ᠢ ᠴᠢᠩᠭ᠎ᠠ ᠠᠩᠬᠠᠷᠴᠤ᠂ ᠵᠠᠩᠭᠢᠯᠠᠭ᠎ᠠ ᠶᠢᠨ ᠴᠢᠭ ᠢ ᠠᠳᠬᠤᠨ᠂ ᠬᠠᠨᠳᠤᠯᠭᠠᠲᠤ ᠴᠢᠨᠠᠷᠲᠠᠶ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠭᠰᠡᠭᠡᠷ ᠢᠷᠡᠵᠡᠶ᠃    ᠭᠤᠣᠯᠳᠠᠯᠭ᠎ᠠ ᠶᠢ ᠴᠢᠩᠭ᠎ᠠ ᠠᠳᠬᠤᠨ᠎ᠠ᠃ ᠠᠳᠠᠯᠢ ᠪᠤᠰᠤ ᠤᠯᠠᠷᠢᠯ  ᠤᠨ ᠣᠨᠴᠠᠯᠢᠭ ᠢ ᠦᠨᠳᠦᠰᠦᠯᠡᠨ᠂ ᠭᠤᠣᠯᠳᠠᠯᠭ᠎ᠠ ᠲᠠᠢ ᠢᠳᠡᠭᠡᠨ ᠤ ᠲᠥᠷᠥᠯ ᠵᠦᠢᠯ ᠢ ᠬᠢᠨᠠᠨ ᠬᠠᠮᠢᠶᠠᠷᠬᠤ ᠶᠢ ᠲᠣᠳᠣᠷᠬᠠᠶᠢᠯᠠᠬᠤ ᠬᠡᠷᠡᠭᠲᠡᠶ᠃ ᠡᠭᠦᠨ ᠤ ᠬᠠᠮᠲᠤ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠢ ᠲᠣᠳᠣᠷᠬᠠᠶᠢᠯᠠᠵᠤ᠂ ᠰᠤᠷᠭᠠᠭᠤᠯᠢ ᠶᠢᠨ ᠬᠤᠭᠤᠯᠠᠨ ᠭᠡᠷ ᠂ ᠰᠤᠷᠭᠠᠭᠤᠯᠢ ᠶᠢᠨ ᠭᠠᠳᠠᠨᠠᠬᠢ ︽ᠨᠠᠶᠢᠳᠠᠨ ᠬᠠᠮᠢᠶᠠᠷᠤᠭᠤᠯᠬᠤ ᠠᠩᠭᠢ︾᠎ ᠶᠢᠨ ᠬᠤᠭᠤᠯᠠᠨ ᠭᠡᠷ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠬᠤᠭᠤᠯᠠᠨ ᠭᠡᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠮᠲᠤ ᠶᠢᠨ ᠬᠤᠭᠤᠯᠠᠨ ᠭᠡᠷ᠂ ᠲᠣᠮᠣ ᠳᠤᠮᠳᠠ ᠬᠡᠯᠪᠡᠷᠢ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠶᠢᠨ ᠬᠡᠷᠡᠭᠯᠡᠭᠡᠨ ᠤ ᠬᠥᠮᠦᠨ ᠤ ᠲᠤᠭ᠎ᠠ ᠣᠯᠠᠨ᠂ ᠠᠶᠤᠯ ᠲᠦᠭᠰᠢᠭᠦᠷᠢ ᠶᠡᠭᠡ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ᠂ ᠨᠥᠯᠥᠭᠡ ᠶᠡᠭᠡ ᠪᠠᠶᠢᠳᠠᠭ᠃ ᠢᠮᠠᠭᠲᠠ ᠮᠠᠨ ᠤ  ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠪᠣᠯᠵᠣ᠂ ᠵᠢᠵᠢᠭ ᠢᠳᠡᠭᠡᠨ ᠤᠮᠳᠠᠭᠠᠨ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠭᠠᠵᠠᠷ ᠣᠷᠣᠨ ᠤ ᠢᠳᠡᠭᠡᠨ ᠤᠮᠳᠠᠭᠠᠨ ᠤ ᠳᠡᠯᠭᠡᠭᠦᠷ ᠤᠨ ᠲᠤᠭ᠎ᠠ ᠬᠡᠮᠵᠢᠶ᠎ᠡ ᠣᠯᠠᠨ᠂ ᠲᠠᠷᠠᠬᠠᠶ ᠪᠤᠲᠠᠷᠬᠠᠶ᠂ ᠬᠢᠨᠠᠯᠲᠠ ᠬᠠᠮᠢᠶᠠᠷᠤᠯᠲᠠ ᠶᠢᠨ ᠬᠦᠴᠢᠷᠳᠡᠯ ᠶᠡᠭᠡ ᠪᠠᠶᠢᠵᠤ᠂ ᠡᠲᠡᠭᠡᠷ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠪᠠ ᠬᠦᠴᠢᠷᠳᠡᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠳ ᠲᠣᠭᠤᠷᠢᠨ ᠪᠠᠶᠢᠴᠠᠭᠠᠬᠤ ᠤᠳᠠᠭ᠎ᠠ ᠪᠠᠨ ᠦᠨᠡᠨᠬᠦ ᠨᠡᠮᠡᠭᠳᠡᠭᠦᠯᠵᠦ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ  ᠬᠡᠷᠡᠭᠵᠢᠭᠦᠯᠪᠡ᠃     ᠵᠠᠩᠭᠢᠯᠠᠭ᠎ᠠ ᠶᠢ ᠴᠢᠩᠭ᠎ᠠ ᠠᠳᠬᠤᠨ᠎ᠠ᠃ ᠢᠳᠡᠭᠡᠨ ᠢ ᠡᠳ᠋ᠰᠢᠭᠦᠯᠦᠨ ᠠᠵᠢᠯᠯᠠᠭᠤᠯᠬᠤ ᠪᠠ ᠬᠠᠳᠠᠭᠠᠯᠠᠬᠤ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢ ᠰᠢᠮᠳᠠᠭᠤᠯᠵᠤ ᠪᠠᠶᠢᠭᠠᠳ ᠢᠳᠡᠭᠡᠨ ᠢ ᠡᠳ᠋ᠰᠢᠭᠦᠯᠦᠨ ᠬᠠᠳᠠᠭᠠᠯᠠᠬᠤ ᠦᠶ᠎ᠡ ᠳᠤ᠂ ᠲᠦᠭᠦᠬᠡᠶ ᠪᠣᠯᠤᠭᠰᠠᠨ ᠢᠳᠡᠭᠡᠨ ᠢ ᠰᠠᠯᠭᠠᠵᠤ᠂ ᠬᠡᠷᠡᠭᠯᠡᠬᠦ ᠪᠠᠭᠠᠵᠢ ᠰᠠᠪᠠ ᠬᠡᠷᠡᠭᠰᠡᠯ ᠢᠶᠠᠷ ᠲᠦᠭᠦᠬᠡᠶ ᠪᠣᠯᠤᠭᠰᠠᠨ ᠢᠳᠡᠭᠡᠨ ᠢ ᠰᠠᠯᠭᠠᠵᠤ᠂ ᠢᠳᠡᠭᠡᠨ ᠤ ᠰᠣᠯᠪᠢᠴᠠᠨ ᠪᠣᠬᠢᠷᠲᠤᠬᠤ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠶ᠃ ᠢᠳᠡᠭᠡᠨ ᠤᠮᠳᠠᠭᠠᠨ ᠡᠳ᠋ᠰᠢᠭᠦᠯᠬᠦ ᠲᠠᠯᠠᠪᠤᠷ ᠤᠨ ᠪᠠᠶᠢᠷᠢᠰᠢᠭᠤᠯᠤᠯ ᠪᠠ ᠴᠤᠪᠤᠷᠠᠯ ᠨᠢ ᠵᠦᠶ ᠵᠣᠬᠢᠰᠲᠠᠶ ᠪᠠᠶᠢᠵᠤ᠂ ᠰᠢᠨ᠎ᠡ ᠰᠣᠷᠭᠤᠭ ᠢᠳᠡᠭᠡᠨ ᠤ ᠮᠠᠲ᠋ᠧᠷᠢᠶᠠᠯ ᠬᠡᠷᠡᠭᠯᠡᠬᠦ ᠶᠢ ᠪᠠᠲᠤᠯᠠᠨ᠂ ᠢᠳᠡᠭᠡᠨ ᠢ ᠪᠠᠷᠢᠨ ᠬᠢᠵᠦ ᠪᠠᠷᠢᠨ ᠢᠳᠡᠨ᠎ᠡ᠃    ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠡᠳᠦᠷ ᠲᠤᠲᠤᠮ ᠤᠨ ᠲᠣᠭᠤᠷᠢᠨ ᠪᠠᠶᠢᠴᠠᠭᠠᠬᠤ + ᠲᠤᠰᠬᠠᠶ ᠵᠦᠶᠯ ᠢᠶᠠᠷ ᠪᠠᠶᠢᠴᠠᠭᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢ ᠵᠢᠯᠣᠭᠤᠳᠬᠤ᠂ ᠪᠣᠯᠪᠠᠰᠤᠷᠠᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠢᠯᠡᠷᠡᠭᠦᠯᠬᠦ ᠪᠠ ᠠᠷᠢᠯᠭᠠᠵᠤ᠂ ᠪᠠᠭᠤᠷᠠᠶ ᠭᠤᠭᠴᠤᠭ᠎ᠠ ᠳᠤ ᠴᠢᠭᠯᠡᠭᠦᠯᠦᠨ ᠴᠠᠭ ᠲᠤᠨᠢ ᠳᠣᠭᠢᠷᠠᠭᠤᠯᠤᠨ ᠬᠦᠴᠦᠲᠡᠶ ᠠᠷᠭ᠎ᠠ ᠬᠡᠮᠵᠢᠶ᠎ᠡ ᠠᠪᠴᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃    ᠳᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠭᠤᠮᠲᠠ ᠶᠢ ᠪᠥᠬᠦ ᠬᠦᠴᠦᠨ ᠢᠶᠠᠷ ᠢᠶᠠᠨ ᠤᠷᠤᠭᠰᠢ ᠰᠢᠯᠵᠢᠭᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠬᠦ ᠶᠢᠨ ᠬᠠᠮᠲᠤ᠂ ᠢᠳᠡᠭᠡᠨ ᠤ ᠠᠮᠤᠷ ᠲᠦᠪᠰᠢᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ ︽ᠲᠠᠪᠤ ᠶᠢ ᠣᠷᠣᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠡᠷᠡᠭᠦᠯ ᠢᠳᠡᠭᠡᠨ ᠤᠮᠳᠠᠭᠠᠨ ᠤ ᠰᠠᠶᠢᠨ ᠰᠠᠶᠢᠬᠠᠨ ᠳᠠᠳᠬᠠᠯ ᠢ ᠪᠣᠶ ᠪᠣᠯᠭᠠᠬᠤ ᠶᠢ ᠰᠠᠨᠠᠭᠠᠴᠢᠯᠠᠵᠤ᠂ ᠣᠯᠠᠨ ᠲᠠᠯ᠎ᠠ ᠠᠴᠠ ᠬᠦᠴᠦᠯᠡᠨ᠂ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠨ᠎ᠠ᠃                               ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2