ᠵᠠᠩ ᠶᠦᠩ ᠸᠧᠨ ᠭᠤᠣᠯ ᠮᠥᠷᠡᠨ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/4/19
705470.jpg
     4 ᠰᠠᠷ᠎ᠠ ᠶᠢᠨ 18᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠭᠤᠤᠯ ᠢ ᠲᠣᠭᠤᠷᠢᠨ ᠦᠵᠡᠵᠦ  ᠣᠶ ᠰᠢᠭᠤᠶ ᠶᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃       ᠵᠠᠩ ᠶᠦᠩ ᠸᠧᠨ ᠤᠷᠢᠳ ᠬᠤᠵᠢᠳ ᠨᠠᠷᠠᠰᠤᠨ ᠶᠡᠭᠡ ᠬᠥᠭᠦᠷᠭᠡ᠂ ᠪᠠᠢ ᠬᠠᠢ ᠽᠢ ᠪᠠᠯᠭᠠᠰᠤ ᠶᠢᠨ ᠴᠢᠤᠸᠠᠨ ᠨᠤᠤ ᠲᠣᠰᠬᠤᠨ ᠤ ᠬᠤᠶᠠᠷ ᠳᠡᠰ ᠤᠨ ᠺᠠᠳ᠋ᠷ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ᠂ ᠮᠠ ᠯᠢᠶᠠᠨ ᠴᠢᠦᠢ ᠰᠢᠶᠠᠩ ᠤᠨ ᠴᠡᠷᠢᠭ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠤᠨ ᠠᠵᠢᠭᠯᠠᠯᠲᠠ ᠶᠢᠨ ᠰᠤᠪᠤᠷᠭ᠎ᠠ᠂  ᠸᠧ ᠯᠦᠩ ᠱᠠᠨ ᠠᠭᠤᠯᠠᠨ ᠤ ᠴᠠᠭ ᠠᠭᠤᠷ ᠤᠨ  ᠠᠵᠢᠭᠯᠠᠬᠤ ᠰᠤᠪᠤᠷᠭ᠎ᠠ ᠵᠡᠷᠭᠡ ᠭᠠᠵᠠᠷ ᠲᠤ ᠬᠦᠷᠴᠡᠢ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠤᠯ ᠤᠨ ᠵᠠᠮ ᠤᠨ ᠣᠷᠴᠢᠨ ᠲᠣᠭᠤᠷᠢᠨ ᠢ ᠵᠠᠰᠠᠬᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠵᠢᠴᠢ ᠤᠷᠭᠤᠮᠠᠯ ᠤᠨ ᠬᠤᠴᠢᠯᠭ᠎ᠠ ᠶᠢ ᠬᠠᠮᠠᠭᠠᠯᠠᠬᠤ ᠪᠠ ᠣᠶ ᠰᠢᠭᠤᠶ ᠶᠢᠨ ᠭᠠᠯ ᠰᠡᠷᠭᠡᠶᠢᠯᠡᠬᠦ ᠵᠡᠷᠭᠡ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠮᠢᠶ᠎ᠠ ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ  ᠳᠤᠷᠠᠳᠴᠠᠢ᠃       ᠵᠠᠩ ᠶᠦᠩ ᠸᠧᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ  ᠬᠢᠨᠠᠮᠠᠭᠠᠢ ᠭᠦᠢᠴᠡᠳᠬᠡᠵᠦ᠂ ︽ᠳᠦᠷᠪᠡᠨ ᠳᠤᠷ᠎ᠠ ᠪᠠᠷ ᠢᠶᠠᠨ ︾ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠮᠥᠷᠡᠨ ᠤ ᠤᠰᠤᠨ ᠤ ᠡᠬᠢ ᠰᠤᠷᠪᠤᠯᠵᠢ ᠶᠢ ᠵᠠᠰᠠᠬᠤ᠂ ᠬᠠᠮᠠᠭᠠᠯᠠᠬᠤ ᠪᠠ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠦ ᠬᠡᠯᠡᠪᠡ᠃ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠡᠯ᠎ᠡ ᠵᠦᠶᠯ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ᠃ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠶᠢ ᠲᠣᠭᠤᠷᠢᠨ ᠪᠠᠶᠢᠴᠠᠭᠠᠬᠤ᠂ ᠤᠢ ᠰᠢᠭᠤᠢ ᠶᠢ ᠪᠠᠶᠢᠴᠠᠭᠠᠬᠤ᠂ ᠤᠢ ᠰᠢᠭᠤᠢ ᠶᠢ ᠬᠠᠮᠠᠭᠠᠯᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠴᠢᠬᠤᠯᠠ ᠪᠣᠭᠤᠮᠲᠠ ᠶᠢ ᠰᠠᠶᠢᠲᠤᠷ ᠡᠵᠡᠮᠳᠡᠵᠦ᠂ ᠭᠠᠯ ᠤᠨ ᠡᠬᠢ ᠶᠢ ᠬᠠᠮᠢᠶᠠᠷᠤᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠨᠣᠭᠤᠭᠠᠷᠠᠭᠤᠯᠵᠤ ᠣᠶᠢᠵᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠤᠢ ᠰᠢᠭᠤᠢ ᠶᠢᠨ ᠠᠮᠢ ᠠᠬᠤᠢ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ᠃       ᠵᠠᠩ ᡁᠢ ᠷᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃                        ᠵᠢᠷᠤᠭ᠄ ᠴᠢᠶᠤᠤ ᠮᠢᠨ                       ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2