| | | | | | | 4 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠵᠢᠨᠢᠩ ᠲᠣᠭᠤᠷᠢᠭ ᠤᠨ | ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠶᠳᠪᠦᠷᠢᠯᠡᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠶᠳᠪᠦᠷᠢᠯᠡᠭᠰᠡᠨ ᠪᠠᠶᠢᠳᠠᠯ ᠢ ᠰᠣᠨᠣᠰᠴᠤ | ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠳ᠋ᠧᠦ ᠲᠤᠤ ᠷᠠᠨ᠂ ᠷᠧᠨ ᠶᠦᠩ ᠱᠧᠩ᠂ ᠶᠠᠩ ᠶᠦᠩ᠂ ᠯᠢᠦ ᡁᠢ ᠷᠦᠩ᠂ ᠫᠠᠩ ᠵᠢᠶᠦ᠋ᠨ ᠫᠢᠩ ᠵᠢᠴᠢ | ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠵᠠᠬᠢᠳᠠᠯ ᠰᠤᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠢ ᠨᠠᠮᠳᠠᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠬᠠᠷᠢᠭᠤ ᠮᠡᠳᠡᠭᠦᠯᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ︽ᠭᠤᠷᠪᠠ ᠶᠢ | ᠪᠣᠳᠠᠲᠠᠶᠢᠵᠢᠭᠤᠯᠵᠤ ᠨᠢᠭᠡ ᠶᠢ ᠰᠢᠶᠳᠪᠦᠷᠢᠯᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠤᠳᠤᠷᠢᠳᠤᠯᠭ᠎ᠠ ᠶᠢᠨ ᠬᠡᠷᠡᠭ | ᠳᠠᠭᠠᠭᠠᠴᠢᠯᠠᠬᠤ ᠲᠦᠷᠢᠮ ᠪᠠ ᠰᠤᠷᠪᠤᠯᠵᠢᠯᠠᠭ᠎ᠠ ᠶᠢ ᠭᠥᠯᠢᠶᠡᠨ ᠠᠪᠬᠤ ᠲᠦᠷᠢᠮ ᠢ ᠴᠢᠩᠭ᠎ᠠ ᠬᠡᠷᠡᠭᠵᠢᠭᠦᠯᠵᠦ᠂ | ᠲᠦᠭᠰᠢᠭᠦᠷᠢ ᠶᠢᠨ ᠳᠠᠯᠳᠠ ᠬᠡᠮ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠠᠩᠬᠠᠨ ᠤ ᠵᠠᠬᠢᠳᠠᠯ ᠰᠤᠷᠪᠤᠯᠵᠢᠯᠠᠭ᠎ᠠ ᠶᠢ | ᠬᠢᠨᠠᠮᠠᠭᠠᠶ ᠭᠥᠯᠢᠶᠡᠨ ᠠᠪᠴᠤ ᠰᠢᠶᠳᠪᠦᠷᠢᠯᠡᠵᠦ᠂ ᠰᠡᠷᠡᠮᠵᠢᠯᠡᠭᠦᠯᠦᠨ ᠰᠢᠶᠳᠪᠦᠷᠢᠯᠡᠬᠦ ᠶᠢ ᠴᠢᠩᠭᠠᠷᠠᠭᠤᠯᠤᠨ᠂ ᠮᠡᠳᠡᠭᠡ | ᠵᠠᠩᠭᠢ ᠶᠢ ᠬᠠᠮᠲᠤᠪᠠᠷ ᠭᠥᠷᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠰᠠᠶᠢᠲᠤᠷ ᠬᠢᠵᠦ᠂ | ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠦᠨᠡᠨᠬᠦ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ | ᠪᠠᠶᠢᠭ᠎ᠠ ᠪᠠᠶᠢᠳᠠᠯ ᠳᠤᠨᠢ ᠰᠢᠶᠳᠪᠦᠷᠢᠯᠡᠬᠦ ᠬᠡᠷᠡᠭᠲᠡᠶ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ | ᠴᠢᠬᠤᠯᠠᠴᠢᠯᠠᠵᠤ᠂ ᠰᠠᠯᠠᠭ᠎ᠠ ᠮᠥᠴᠢᠷ ᠤᠨ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠬᠡᠷᠡᠭ ᠤᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠢ ᠰᠢᠶᠳᠪᠦᠷᠢᠯᠡᠬᠦ ᠠᠵᠢᠯ ᠢ ᠣᠶᠤᠨ ᠴᠢᠳᠠᠯ ᠢᠶᠠᠨ ᠲᠥᠪᠯᠡᠷᠡᠭᠦᠯᠦᠨ ᠠᠬᠢᠭᠤᠯᠬᠤ ᠬᠡᠷᠡᠭᠲᠡᠶ᠃ | ᠤᠯᠠᠨ ᠲᠦᠮᠡᠨ ᠲᠠᠢ ᠢᠯᠡᠭᠦᠬᠡᠨ ᠰᠠᠨᠠᠯ ᠢᠶᠠᠨ ᠰᠣᠯᠢᠯᠴᠠᠵᠤ᠂ ᠤᠯᠠᠨ ᠲᠦᠮᠡᠨ ᠤ ᠰᠡᠳᠬᠢᠯ ᠤᠨ ᠵᠠᠩᠭᠢᠷᠠᠭ᠎ᠠ ᠶᠢ | ᠲᠠᠶᠢᠢᠯᠵᠤ᠂ ᠤᠯᠠᠨ ᠲᠦᠮᠡᠨ ᠤ ᠤᠷᠮ᠎ᠠ ᠰᠡᠳᠬᠢᠯᠭᠡ ᠶᠢ ᠰᠢᠯᠤᠭᠤᠳᠬᠠᠵᠤ᠂ ᠤᠯᠠᠨ ᠲᠦᠮᠡᠨ ᠤ ᠣᠶᠢᠯᠠᠭᠠᠯᠲᠠ ᠶᠢ | ᠣᠯᠵᠤ᠂ ᠡᠯ᠎ᠡ ᠲᠦᠷᠦᠯ ᠤᠨ ᠵᠥᠷᠢᠴᠡᠯ ᠤᠨ ᠬᠡᠮ ᠰᠣᠭᠤᠭ ᠢ ᠢᠳᠡᠪᠬᠢᠲᠡᠢ ᠪᠦᠲᠦᠮᠵᠢᠲᠡᠢ ᠠᠷᠢᠯᠭᠠᠬᠤ ᠬᠡᠷᠡᠭᠲᠡᠢ᠃ | ᠵᠢᠷᠤᠭ᠄ ᠭᠦᠸᠧ ᠸᠧᠨ ᠵᠢᠶᠧ | ᠤᠷᠴᠢᠭᠤᠯᠤᠭᠴᠢ᠄ ᠲᠤᠶᠠᠭ᠎ᠠ | | | |