ᠺᠠᠩ ᠬᠠᠶ ᠷᠦᠢ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/19
      4 ᠰᠠᠷ᠎ᠠ ᠶᠢᠨ 18᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠵᠢᠨᠢᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠶᠳᠪᠦᠷᠢᠯᠡᠬᠦ ᠠᠵᠢᠯ ᠢ  ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠶᠳᠪᠦᠷᠢᠯᠡᠭᠰᠡᠨ ᠪᠠᠶᠢᠳᠠᠯ ᠢ ᠰᠣᠨᠣᠰᠴᠤ ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠳ᠋ᠧᠦ ᠲᠤᠤ ᠷᠠᠨ᠂ ᠷᠧᠨ ᠶᠦᠩ ᠱᠧᠩ᠂ ᠶᠠᠩ ᠶᠦᠩ᠂ ᠯᠢᠦ ᡁᠢ ᠷᠦᠩ᠂ ᠫᠠᠩ ᠵᠢᠶᠦ᠋ᠨ ᠫᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠨᠠᠮᠳᠠᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠬᠠᠷᠢᠭᠤ ᠮᠡᠳᠡᠭᠦᠯᠪᠡ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠶᠳᠪᠦᠷᠢᠯᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠬᠤ ᠲᠦᠷᠢᠮ ᠪᠠ ᠰᠤᠷᠪᠤᠯᠵᠢᠯᠠᠭ᠎ᠠ ᠶᠢ ᠭᠥᠯᠢᠶᠡᠨ ᠠᠪᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠲᠦᠭᠰᠢᠭᠦᠷᠢ ᠶᠢᠨ ᠳᠠᠯᠳᠠ ᠬᠡᠮ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠠᠩᠬᠠᠨ ᠤ ᠵᠠᠬᠢᠳᠠᠯ  ᠰᠤᠷᠪᠤᠯᠵᠢᠯᠠᠭ᠎ᠠ ᠶᠢ ᠬᠢᠨᠠᠮᠠᠭᠠᠶ ᠭᠥᠯᠢᠶᠡᠨ ᠠᠪᠴᠤ ᠰᠢᠶᠳᠪᠦᠷᠢᠯᠡᠵᠦ᠂ ᠰᠡᠷᠡᠮᠵᠢᠯᠡᠭᠦᠯᠦᠨ ᠰᠢᠶᠳᠪᠦᠷᠢᠯᠡᠬᠦ ᠶᠢ ᠴᠢᠩᠭᠠᠷᠠᠭᠤᠯᠤᠨ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠦᠨᠡᠨᠬᠦ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠶᠳᠪᠦᠷᠢᠯᠡᠬᠦ ᠬᠡᠷᠡᠭᠲᠡᠶ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠬᠤᠯᠠᠴᠢᠯᠠᠵᠤ᠂ ᠰᠠᠯᠠᠭ᠎ᠠ ᠮᠥᠴᠢᠷ ᠤᠨ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠡᠷᠡᠭ ᠤᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠶᠳᠪᠦᠷᠢᠯᠡᠬᠦ ᠠᠵᠢᠯ ᠢ ᠣᠶᠤᠨ ᠴᠢᠳᠠᠯ ᠢᠶᠠᠨ ᠲᠥᠪᠯᠡᠷᠡᠭᠦᠯᠦᠨ ᠠᠬᠢᠭᠤᠯᠬᠤ ᠬᠡᠷᠡᠭᠲᠡᠶ᠃ ᠤᠯᠠᠨ ᠲᠦᠮᠡᠨ ᠲᠠᠢ ᠢᠯᠡᠭᠦᠬᠡᠨ ᠰᠠᠨᠠᠯ ᠢᠶᠠᠨ ᠰᠣᠯᠢᠯᠴᠠᠵᠤ᠂ ᠤᠯᠠᠨ ᠲᠦᠮᠡᠨ ᠤ ᠰᠡᠳᠬᠢᠯ ᠤᠨ ᠵᠠᠩᠭᠢᠷᠠᠭ᠎ᠠ ᠶᠢ ᠲᠠᠶᠢᠢᠯᠵᠤ᠂ ᠤᠯᠠᠨ ᠲᠦᠮᠡᠨ ᠤ ᠤᠷᠮ᠎ᠠ ᠰᠡᠳᠬᠢᠯᠭᠡ ᠶᠢ ᠰᠢᠯᠤᠭᠤᠳᠬᠠᠵᠤ᠂ ᠤᠯᠠᠨ ᠲᠦᠮᠡᠨ ᠤ ᠣᠶᠢᠯᠠᠭᠠᠯᠲᠠ ᠶᠢ ᠣᠯᠵᠤ᠂ ᠡᠯ᠎ᠡ ᠲᠦᠷᠦᠯ ᠤᠨ ᠵᠥᠷᠢᠴᠡᠯ ᠤᠨ ᠬᠡᠮ ᠰᠣᠭᠤᠭ ᠢ ᠢᠳᠡᠪᠬᠢᠲᠡᠢ ᠪᠦᠲᠦᠮᠵᠢᠲᠡᠢ ᠠᠷᠢᠯᠭᠠᠬᠤ ᠬᠡᠷᠡᠭᠲᠡᠢ᠃                      ᠵᠢᠷᠤᠭ᠄ ᠭᠦᠸᠧ ᠸᠧᠨ ᠵᠢᠶᠧ                      ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2