ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠄ ᠯᠢ ᠵᠢᠩ
ᠨᠡᠶᠢᠲᠡᠯᠡᠭᠰᠡᠨ ᠴᠠᠭ᠄
2023/4/2
     ᠲᠣᠪᠴᠢ ᠲᠠᠨᠢᠯᠴᠠᠭᠤᠯᠭ᠎ᠠ    ᠯᠢ ᠵᠢᠩ᠂ ᠡᠮᠡᠭᠲᠡᠶ᠂ ᠬᠢᠲᠠᠳ ᠦᠨᠳᠦᠰᠦᠲᠡᠨ᠂ 1982 ᠣᠨ ᠤ 4 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠮᠦᠨ᠃ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠵᠢᠨᠢᠩ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠳᠠᠭᠤᠤ ᠬᠥᠭᠵᠢᠮ ᠤᠨ ᠤᠬᠠᠭᠠᠨ ᠤ ᠲᠤᠰᠬᠠᠢ ᠮᠡᠷᠭᠡᠵᠢᠯ ᠠᠴᠠ ᠲᠡᠭᠦᠰᠴᠡᠢ᠃ ᠠᠵᠢᠯ ᠤᠨ ᠪᠠᠶᠢᠷᠢ ᠳᠤ ᠪᠠᠶᠢᠭ᠎ᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ ᠲᠡᠭᠦᠰᠴᠡᠢ᠃ 2005 ᠣᠨ ᠤ 3 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠤ᠂ 2002 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠃    ᠬᠤᠪᠢᠳᠠᠨ ᠬᠠᠮᠢᠶᠠᠷᠴᠤ ᠪᠠᠶᠢᠭ᠎ᠠ ᠠᠵᠢᠯ᠄  ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠳᠠᠷᠤᠭ᠎ᠠ ᠶᠢ ᠬᠠᠮᠵᠢᠨ ᠶᠡᠷᠦᠩᠬᠡᠶᠢᠯᠡᠭᠰᠡᠨ ᠠᠵᠤ ᠠᠬᠤᠶ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠵᠤ ᠦᠢᠯᠡᠳᠪᠦᠷᠢ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ 12345 ᠬᠠᠯᠠᠮᠰᠢᠯ ᠤᠲᠠᠰᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ︵12345 ᠬᠠᠯᠠᠮᠰᠢᠯ ᠤᠲᠠᠰᠤ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠰᠢᠢᠳᠪᠦᠷᠢᠯᠡᠬᠦ ᠦᠢᠯᠡᠴᠢᠯᠡᠭᠡᠨ ᠤ ᠲᠥᠪ᠂ ᠵᠠᠰᠠᠭ ᠤᠨ ᠶᠠᠪᠤᠳᠠᠯ ᠪᠠ ᠫᠤᠷᠲ᠋ᠧᠯ ᠰᠦᠯᠵᠢᠶᠡᠨ ᠤ ᠦᠢᠯᠡᠴᠢᠯᠡᠭᠡᠨ ᠤ ᠲᠥᠪ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ︶᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ︶᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃ ᠲᠣᠭᠤᠷᠢᠭ ᠤᠨ ᠳᠠᠷᠤᠭ᠎ᠠ ᠶᠢ ᠬᠠᠮᠵᠢᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠬᠠᠮᠠᠳ ᠺᠠᠳ᠋ᠷ ᠤᠨ ᠲᠣᠪᠴᠢᠶ᠎ᠠ᠂ ᠨᠠᠮ ᠤᠨ ᠰᠤᠷᠭᠠᠭᠤᠯᠢ᠂ ᠠᠵᠢᠯᠴᠢᠨ ᠤ ᠡᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠢᠯᠵᠢᠮᠡᠯ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ ᠲᠠᠢ ᠬᠠᠷᠢᠯᠴᠠᠨ᠎ᠠ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃   
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2