ᠵᠠᠩ ᠶᠦᠩ ᠸᠧᠨ ᠮᠠᠨ ᠤ ᠲᠤᠭᠤᠷᠢᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/4/20
       4 ᠰᠠᠷ᠎ᠠ ᠶᠢᠨ 19᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠮᠠᠨ ᠤ  ᠲᠤᠭᠤᠷᠢᠭ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃        ᠸᠧᠢ ᠵᠢᠶᠠ ᠢᠦᠢ ᠶᠤᠸᠠᠨ ᠰᠠᠭᠤᠭᠠᠯᠢ ᠲᠣᠭᠤᠷᠢᠭ᠂ ᠹᠦ᠋ ᠷᠦᠢ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠪᠡᠭᠡᠵᠢᠩ ᠤᠨ ᠵᠢᠩ ᠢᠦᠢ ᠹᠦ᠋ ᠷᠦᠢ ᠲᠦᠭᠦᠬᠡᠢ ᠮᠠᠲ᠋ᠧᠷᠢᠶᠠᠯ ᠤᠨ ᠡᠮ ᠪᠣᠯᠤᠨ ᠠᠮᠢᠳᠤ ᠪᠣᠳᠠᠰ ᠤᠨ ᠨᠠᠶᠢᠷᠠᠯᠲᠠ ᠵᠢᠴᠢ ᠠᠮᠢᠵᠢᠷᠠᠯ ᠤᠨ ᠬᠦᠴᠦᠨ ᠲᠠᠢ ᠠᠮᠠᠷᠠᠯᠲᠠ ᠶᠢᠨ ᠲᠣᠰᠬᠤᠨ ᠤ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠵᠠᠩ ᠶᠦᠩ ᠸᠧᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠠᠰᠠᠭᠤᠳᠠᠯ᠂ ᠬᠠᠷᠠᠯᠲᠠ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠯᠢᠶᠡᠵᠦ ᠳᠡᠶᠢᠯᠬᠦ ᠦᠭᠡᠢ᠂ ᠤᠳᠠᠭᠠᠰᠢᠷᠠᠭᠤᠯᠵᠤ ᠳᠡᠶᠢᠯᠬᠦ ᠦᠭᠡᠢ᠂ ᠰᠠᠭᠤᠵᠤ ᠳᠡᠶᠢᠯᠬᠦ ᠦᠭᠡᠢ ᠲᠤᠯᠭᠠᠮ᠎ᠠ ᠰᠡᠳᠬᠢᠯᠭᠡ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠲᠦᠭᠵᠢᠷᠡᠯ᠂ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠯᠤᠭᠤᠳᠬᠠᠨ ᠰᠢᠢᠳᠪᠦᠷᠢᠯᠡᠬᠦ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠨᠢᠭᠡ ᠬᠥᠯᠭᠡ ᠰᠢᠳᠠᠷ᠎ᠠ︾᠎ ᠶᠢᠨ ᠰᠢᠰᠲ᠋ᠧᠮᠲᠦ ᠰᠡᠳᠬᠢᠬᠦᠢ ᠶᠢ ᠪᠤᠢ ᠪᠣᠯᠭᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃      ᠵᠠᠩ ᠶᠦᠩ ᠸᠧᠨ᠂ ᠮᠠ ᠭᠤᠸᠠᠶ ᠶᠢᠨ ᠯᠠᠯᠤ ᠶᠢᠨ ᠢᠳᠡᠭᠡᠨ᠂ ᠮᠠ ᡁᠢ ᠴᠢᠤᠸᠠᠨ ᠯᠠᠯᠤ ᠶᠢᠨ ᠢᠳᠡᠭᠡᠨ ᠵᠢᠴᠢ ᠲᠠᠯ᠎ᠠ ᠨᠤᠲᠤᠭ ᠤᠨ ᠰᠢᠨ ᠯᠧ  ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ  ᠬᠦᠷᠴᠦ᠂  ᠦᠢᠯᠡᠳᠬᠦᠨ ᠤ ᠲᠦᠷᠦᠯ ᠬᠡᠯᠪᠡᠷᠢ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠵᠢᠴᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢᠨ ᠦᠢᠯᠡᠳᠬᠦᠨ ᠤ ᠦᠷᠳᠡᠭ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠵᠢᠴᠢ ᠠᠵᠤ ᠠᠬᠤᠶᠢᠯᠠᠯᠲᠠᠳ ᠤᠨ ᠪᠤᠳᠤᠯ ᠬᠦᠰᠡᠯ ᠡᠷᠡᠮᠡᠯᠵᠡᠯ ᠢ ᠯᠠᠪᠯᠠᠨ ᠠᠰᠠᠭᠤᠪᠠ᠃ ᠲᠡᠷᠡ ᠵᠢᠭᠠᠭᠰᠠᠨ ᠨᠢ᠂ ᠡᠯ᠎ᠡ ᠠᠵᠤ ᠠᠬᠤᠶᠢᠯᠠᠯ ᠤᠨ ᠬᠢᠨ ᠭᠤᠣᠯ ᠠᠵᠢᠯ ᠢᠶᠠᠨ ᠪᠠᠲᠤ ᠰᠠᠬᠢᠵᠤ᠂ ᠬᠦᠴᠦᠨ ᠢᠶᠠᠨ ᠲᠥᠪᠯᠡᠷᠡᠭᠦᠯᠦᠨ ᠰᠢᠨ᠎ᠡ ᠶᠢ ᠡᠭᠦᠳᠴᠦ᠂ ᠠᠵᠤ ᠦᠢᠯᠡᠰ ᠤᠨ ᠬᠡᠯᠬᠢᠶ᠎ᠡ ᠶᠢᠨ ᠤᠷᠤᠰᠬᠠᠯ ᠤᠨ ᠲᠦᠷᠦᠯ ᠵᠦᠢᠯ ᠤᠨ ᠠᠭᠤᠰᠤᠯᠴᠠᠨ ᠬᠥᠭᠵᠢᠬᠦ ᠶᠢ ᠢᠳᠡᠪᠬᠢᠲᠡᠢ ᠳᠠᠶᠢᠴᠢᠯᠠᠵᠤ᠂ ᠠᠵᠤ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠬᠦᠴᠦᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠶᠯᠡᠴᠢᠯᠡᠭᠡᠨ ᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠶᠳᠪᠦᠷᠢᠯᠡᠨ ᠪᠣᠳᠠᠲᠠᠶ ᠠᠵᠢᠯ ᠬᠢᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠶᠢ ᠠᠬᠢᠭᠤᠯᠬᠤ ᠳᠤ ᠢᠳᠡᠪᠬᠢᠲᠡᠶ ᠦᠶᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠶ᠃      ᠵᠠᠩ ᡁᠢ ᠷᠦᠩ᠂ ᠶᠠᠩ ᠶᠦᠩ᠂ ᠱᠢ ᠭᠤᠸᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                   ᠵᠢᠷᠤᠭ᠄ ᠴᠢᠶᠤᠤ ᠮᠢᠨ                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2