ᠵᠢᠨᠢᠩ ᠲᠣᠭᠤᠷᠢᠭ 2023 ᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/23
705470.jpg
        4 ᠰᠠᠷ᠎ᠠ ᠶᠢᠨ 22᠎ ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠵᠢᠨᠢᠩ ᠲᠣᠭᠤᠷᠢᠭ ᠤᠨ 2023 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ  ᠲᠤᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠭᠦᠨᠵᠡᠭᠡᠶ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠤ ᠠᠬᠤᠶ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃         ᠬᠤᠷᠠᠯ ᠳᠡᠭᠡᠷ᠎ᠡ᠂ ᠠᠵᠤ ᠠᠬᠤᠶ ᠳᠤ ᠬᠤᠯᠪᠣᠭᠳᠠᠬᠤ ᠰᠠᠯᠠᠭ᠎ᠠ ᠮᠥᠴᠢᠷ ᠤᠳ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠪᠠᠶᠢᠳᠠᠯ ᠤᠨ ᠬᠤᠯᠪᠣᠭᠳᠠᠯ ᠪᠥᠬᠦᠶ ᠪᠠᠶᠢᠳᠠᠯ ᠢ ᠬᠠᠷᠢᠭᠤ ᠮᠡᠳᠡᠭᠦᠯᠵᠦ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠢᠨᠵᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃        ᠵᠠᠩ ᠶᠦᠩ ᠸᠧᠨ ᠵᠢᠭᠠᠭᠰᠠᠨ ᠨᠢ᠂ ᠨᠢᠭᠡᠳᠦᠭᠡᠷ ᠤᠯᠠᠷᠢᠯ ᠳᠤ ᠪᠦᠬᠦ ᠲᠤᠭᠤᠷᠢᠭ ᠤᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠠᠮᠵᠢᠯᠲᠠ ᠪᠦᠲᠦᠮᠵᠢ ᠶᠢ ᠨᠢ ᠨᠤᠲᠠᠯᠠᠭᠤᠰᠢᠲᠠᠢ᠃ ᠭᠡᠪᠡᠴᠦ ᠠᠵᠤ ᠦᠢᠯᠡᠰ ᠤᠨ ᠪᠦᠲᠦᠴᠡ ᠵᠦᠢ ᠵᠤᠬᠢᠰ ᠦᠭᠡᠢ᠂ ᠦᠢᠯᠡᠴᠢᠯᠡᠭᠡᠨ ᠤ ᠦᠢᠯᠡᠰ ᠤᠨ ᠰᠡᠷᠭᠦᠯᠲᠡ ᠵᠢᠱᠢᠯᠲᠡ ᠳᠤ ᠬᠦᠷᠬᠦ ᠦᠭᠡᠢ᠂ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠲᠡᠶᠢᠮᠦ ᠬᠦᠴᠦᠲᠡᠶ ᠪᠢᠰᠢ ᠪᠠᠶᠢᠬᠤ ᠵᠡᠷᠭᠡ ᠠᠰᠠᠭᠤᠳᠠᠯ ᠢ ᠣᠮᠲᠣᠭᠠᠶᠢᠯᠠᠵᠤ ᠪᠣᠯᠤᠰᠢ ᠦᠭᠡᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠶ ᠲᠠᠨᠢᠵᠤ᠂ ᠣᠳᠣᠬᠠᠨ ᠤ ᠠᠵᠤ ᠠᠬᠤᠶ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠰᠢᠰᠲ᠋ᠧᠮ ᠲᠠᠢ ᠪᠠᠷ ᠭᠦᠨᠵᠡᠭᠡᠶ ᠵᠠᠳᠠᠯᠵᠤ᠂ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠷ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃      ᠵᠠᠩ ᠶᠦᠩ ᠸᠧᠨ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ  ᠪᠣᠳᠠᠲᠠᠢ ᠠᠵᠢᠯᠯᠠᠵᠤ᠂ ᠬᠤᠶᠠᠳᠤᠭᠠᠷ ᠤᠯᠠᠷᠢᠯ ᠳᠤ ᠴᠠᠭ ᠤᠨ ᠡᠭᠦᠷᠭᠡ ᠶᠢᠨ ︽ᠬᠠᠭᠠᠰ ᠢ ᠳᠠᠪᠠᠭ᠋ᠤ︾᠎ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠦᠬᠦ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠬᠢᠴᠠ ᠶᠢ ᠠᠳᠬᠤᠵᠤ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠥᠷᠭᠡᠳᠬᠡᠵᠦ᠂ ᠥᠪᠡᠷ ᠤᠨ ᠦᠷᠲᠡᠭ ᠢ ᠪᠠᠭᠤᠷᠠᠭᠤᠯᠤᠨ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢᠨ ᠰᠠᠶᠢᠵᠢᠷᠠᠯᠲᠠ ᠶᠢ ᠲᠦᠷᠭᠡᠳᠬᠡᠵᠦ᠂ ᠬᠡᠷᠡᠭᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠦᠨᠡᠨ ᠬᠦᠴᠦ ᠣᠷᠣᠭᠤᠯᠵᠤ᠂ ᠬᠤᠳᠠᠯᠳᠤᠭ᠎ᠠ ᠡᠷᠭᠢᠯᠡᠬᠦ ᠦᠶᠯᠡᠴᠢᠯᠡᠭᠡᠨ ᠤ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠳᠤ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠬᠠᠨᠳᠤᠰᠢ ᠶᠢ ᠪᠠᠭᠠᠰᠬᠠᠬᠤ ᠥᠬᠡᠶ᠂ ᠲᠥᠷᠥᠯ ᠵᠦᠶᠯ ᠢ ᠨᠠᠶᠢᠳᠠᠪᠤᠷᠢᠵᠢᠭᠤᠯᠬᠤ ᠠᠬᠢᠴᠠ ᠶᠢ ᠲᠠᠰᠤᠷᠠᠯᠲᠠ ᠥᠬᠡᠶ ᠪᠠᠷᠢᠮᠲᠠᠯᠠᠵᠤ᠂ ᠮᠥᠷᠳᠡᠨ ᠵᠣᠯᠭᠠᠭᠤᠯᠬᠤ᠂ ᠭᠠᠷᠳᠠᠮ ᠭᠦᠶᠴᠡᠳᠬᠡᠬᠦ᠂ ᠠᠰᠠᠭᠤᠳᠠᠯ ᠢ ᠰᠢᠶᠳᠪᠦᠷᠢᠯᠡᠬᠦ ᠵᠡᠷᠭᠡ ᠭᠤᠭᠴᠤᠭ᠎ᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃     ᠵᠠᠩ ᠶᠦᠩ ᠸᠧᠨ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠠᠬᠢᠵᠢᠭᠦᠯᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠬᠡᠮ ᠰᠣᠭᠤᠭ ᠢ ᠡᠷᠢᠵᠦ᠂ ᠳᠤᠲᠠᠭᠤᠳᠠᠯ ᠢ ᠨᠥᠬᠦᠪᠥᠷᠢᠯᠡᠵᠦ᠂ ᠳᠠᠪᠠᠭᠤᠯᠢᠭ ᠢ ᠪᠤᠶᠢᠵᠢᠭᠤᠯᠵᠤ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ ᠠᠮᠢᠰᠬᠤᠯ ᠢ ᠪᠤᠢ ᠪᠣᠯᠭᠠᠬᠤ ᠶᠢ ᠴᠢᠩᠭᠠᠳᠬᠠᠨ ᠠᠬᠢᠭᠤᠯᠬᠤ ᠬᠡᠷᠡᠭᠲᠡᠢ᠃ ᠡᠭᠦᠨ ᠤ ᠵᠡᠷᠭᠡᠪᠡᠷ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠣᠯᠵᠤ᠂ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠦᠨᠡᠨᠬᠦ ᠭᠠᠪᠢᠶ᠎ᠠ ᠵᠢᠳᠬᠦᠯ ᠭᠠᠷᠭᠠᠵᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃    ᠺᠠᠩ ᠬᠠᠢ ᠷᠦᠢ᠂ ᠰᠢᠤᠢ ᠯᠦᠩ᠂ ᠲᠦᠩ ᠢ᠂ ᠵᠠᠩ ᠱᠧᠩ ᠵᠢᠶᠠᠩ᠂ ᠵᠠᠩ ᠱᠦᠨ ᠴᠧᠩ᠂ ᠵᠠᠩ ᡁᠢ ᠷᠦᠩ ᠂ ᠰᠢᠤᠢ ᠹᠧᠩ᠂ ᠶᠠᠩ ᠶᠦᠩ᠂ ᠯᠢ ᠯᠢᠨ᠂ ᠱᠢ ᠭᠤᠸᠠᠩ᠂ ᠴᠢᠶᠣᠤ ᠱᠢ ᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                ᠵᠢᠷᠤᠭ᠄ ᠭᠦᠸᠧ ᠸᠧᠨ ᠵᠢᠶᠧ                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2