ᠵᠠᠩ ᠶᠦᠩ ᠸᠧᠨ ᠱᠤᠤ ᠢᠦᠢ ᠪᠣᠯᠤᠨ ᠴᠧᠨ ᠸᠧᠢ ᠳ᠋ᠦᠩ ᠨᠡᠷ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/4/25
705470.jpg
    4 ᠰᠠᠷ᠎ᠠ ᠶᠢᠨ 23᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠥᠪᠥᠷ ᠮᠣᠩᠭᠤᠯ ᠤᠨ ᠹᠦ᠋ ᠷᠦᠢ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ ᠱᠣᠤ ᠢᠦᠶ ᠪᠣᠯᠤᠨ ᠵᠢᠶᠠᠩ ᠬᠠᠶ ᠴᠠᠬᠢᠯᠭᠠᠨ ᠪᠠᠭᠲᠠᠭᠠᠭᠴᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠸᠧᠶ ᠳ᠋ᠦᠩ ᠨᠡᠷ ᠲᠠᠢ ᠲᠣᠰ ᠲᠣᠰ ᠬᠡᠯᠡᠯᠴᠡᠭᠡ ᠬᠢᠵᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠪᠠᠨ ᠥᠷᠭᠡᠳᠬᠡᠬᠦ᠂ ᠬᠥᠭᠵᠢᠯᠲᠡ ᠪᠠᠨ ᠲᠦᠷᠭᠡᠳᠬᠡᠬᠦ ᠶᠢ ᠠᠬᠢᠭᠤᠯᠪᠠ᠃      ᠵᠠᠩ ᠶᠦᠩ ᠸᠧᠨ᠂ ᠱᠦᠵᠢ ᠱᠤᠤ ᠢᠦᠢ ᠪᠣᠯᠤᠨ ᠬᠡᠷᠡᠭ ᠮᠡᠳᠡᠭᠴᠢᠳ ᠤᠨ ᠳᠠᠷᠤᠭ᠎ᠠ ᠴᠧᠨ ᠸᠧᠢ ᠳ᠋ᠦᠩ ᠨᠡᠷ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃      ᠵᠠᠩ ᠶᠦᠩ ᠸᠧᠨ᠂ ᠱᠤᠤ ᠢᠦᠢ ᠨᠡᠷ ᠲᠠᠢ ᠶᠠᠷᠢᠯᠴᠠᠬᠤ ᠳᠠᠭᠠᠨ  ᠹᠦ᠋ ᠷᠦᠢ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠭᠤᠯᠤᠯᠲᠠ᠂ ᠢᠨᠵᠧᠨᠧᠷᠢᠩ ᠤᠨ ᠠᠬᠢᠴᠠ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠠᠷᠢᠨ ᠤᠶᠢᠯᠠᠭᠠᠭᠰᠠᠨ ᠪᠥᠭᠡᠳ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ︽ᠬᠦᠴᠢᠷ ᠲᠦᠪᠡᠭᠲᠡᠢ ᠠᠰᠠᠭᠤᠳᠠᠯ︾᠎ ᠤᠨ ᠲᠤᠬᠠᠢ ᠬᠠᠮᠲᠤᠪᠠᠷ ᠠᠷᠭᠠᠴᠠᠬᠤ ᠠᠷᠭ᠎ᠠ ᠪᠤᠳᠤᠯᠭ᠎ᠠ ᠶᠢ ᠰᠤᠳᠤᠯᠵᠠᠢ᠃ ᠵᠠᠩ ᠶᠦᠩ ᠸᠧᠨ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡ ᠪᠠᠲᠤᠯᠠᠪᠤᠷᠢ ᠶᠢᠨ ᠠᠵᠢᠯ ᠢ ᠴᠢᠨᠠᠭᠰᠢᠳᠠ ᠰᠠᠶᠢᠲᠤᠷ ᠬᠢᠵᠦ᠂ ᠠᠵᠤ ᠠᠬᠤᠶᠢᠯᠠᠯ ᠤᠨ ᠬᠦᠴᠢᠷ ᠶᠢ ᠰᠢᠢᠳᠪᠦᠷᠢᠯᠡᠵᠦ᠂ ᠲᠦᠷᠦᠯ ᠵᠦᠢᠯ ᠤᠨ ᠤᠷᠤᠭᠰᠢᠲᠠᠢ ᠪᠦᠳᠦᠬᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠡᠷᠡᠭᠦᠯ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠱᠤᠤ ᠢᠦᠢ ᠵᠢᠨᠢᠩ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠦᠷᠦᠯ ᠵᠦᠢᠯ ᠤᠨ ᠬᠥᠭᠵᠢᠯᠲᠡ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠳᠤ ᠲᠦᠢᠯ ᠢᠶᠠᠷ ᠲᠠᠯᠠᠷᠬᠠᠵᠤ ᠪᠠᠶᠢᠬᠤ ᠪᠥᠭᠡᠳ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ ᠭᠡᠵᠦ ᠢᠯᠡᠳᠬᠡᠪᠡ᠃       ᠴᠧᠨ ᠸᠧᠢ ᠳ᠋ᠦᠩ ᠨᠠᠷ ᠲᠠᠢ ᠬᠡᠯᠡᠯᠴᠡᠭᠡ ᠬᠢᠬᠦ ᠳᠡᠭᠡᠨ᠂  ᠡᠯᠧᠺᠲᠷᠣᠨ ᠰᠢᠨ᠎ᠡ  ᠮᠠᠲ᠋ᠧᠷᠢᠶᠠᠯ ᠤᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ᠂ ᠰᠢᠨᠵᠢᠯᠡᠬᠦ ᠤᠬᠠᠭᠠᠨᠴᠢ ᠪᠠᠶᠢᠷᠢᠰᠢᠭᠤᠯᠤᠯᠲᠠ᠂ ᠪᠦᠯᠦᠭᠯᠡᠨ ᠬᠥᠭᠵᠢᠬᠦ ᠵᠡᠷᠭᠡ ᠲᠠᠯ᠎ᠠ ᠪᠠᠷ ᠭᠦᠨᠵᠡᠭᠡᠢ ᠰᠠᠨᠠᠯ ᠢᠶᠠᠨ ᠰᠣᠯᠢᠯᠴᠠᠵᠤ᠂ ᠢᠷᠡᠭᠡᠳᠦᠢ ᠶᠢᠨ ᠬᠥᠭᠵᠢᠯᠲᠡ ᠶᠢᠨ ᠬᠠᠨᠳᠤᠰᠢ ᠶᠢ ᠶᠠᠷᠢᠯᠴᠠᠵᠠᠢ᠃ ᠴᠧᠨ ᠸᠧᠢ ᠳ᠋ᠦᠩ ᠤᠨ ᠦᠵᠡᠬᠦ ᠪᠠᠷ᠂ ᠵᠢᠨᠢᠩ ᠲᠣᠭᠤᠷᠢᠭ ᠤᠨ ᠠᠷᠠᠯᠵᠢᠶᠠᠴᠢᠨ ᠤᠷᠢᠵᠤ ᠲᠡᠳᠬᠦᠬᠦ ᠡᠷᠴᠢᠮ ᠶᠡᠭᠡ᠂ ᠪᠡᠯᠡ ᠣᠷᠣᠭᠤᠯᠤᠯᠲᠠ ᠶᠢᠨ ᠠᠯᠤᠰ ᠢᠷᠡᠭᠡᠳᠦᠢ ᠥᠷᠭᠡᠨ ᠂ ᠵᠠᠬ᠎ᠠ ᠳᠡᠯᠭᠡᠭᠦᠷ ᠤᠨ ᠥᠷᠭᠡᠵᠢᠯ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠵᠡᠷᠭᠡ ᠲᠠᠯ᠎ᠠ ᠶᠢᠨ ᠠᠵᠠ ᠲᠣᠬᠢᠶᠠᠯ ᠢ ᠡᠵᠡᠮᠳᠡᠵᠦ᠂ ᠵᠣᠷᠢᠭᠲᠠᠢ ᠪᠠᠷ ᠬᠥᠭᠵᠢᠭᠦᠯᠵᠦ᠂ ᠣᠷᠣᠨ ᠨᠤᠲᠤᠭ ᠤᠨ ᠠᠵᠤ ᠠᠬᠤᠢ ᠪᠣᠯᠤᠨ ᠠᠵᠤ ᠠᠬᠤᠶᠢᠯᠠᠯ ᠤᠨ ᠬᠥᠭᠵᠢᠯᠲᠡ ᠶᠢᠨ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠦᠨ᠎ᠡ ᠭᠡᠪᠡ᠃       ᠶᠤᠤ ᠬᠠᠢ ᠮᠢᠩ᠂ ᠵᠠᠩ ᡁᠢ ᠷᠦᠩ᠂ ᠱᠢ ᠭᠤᠸᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠡᠯᠡᠯᠴᠡᠭᠡ ᠳᠤ ᠣᠷᠣᠯᠴᠠᠪᠠ᠃                              ᠵᠢᠷᠤᠭ᠄ ᠭᠦᠸᠧ ᠸᠧᠨ ᠵᠢᠶᠧ                              ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2