ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2023/4/26
705470.jpg
             4 ᠳ᠋ᠦ᠋ᠭᠡᠷ ᠰᠠᠷ᠎ᠠ ᠶᠢᠨ 25᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠲᠤᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯᠳᠠᠯᠭ᠎ᠠ ᠲᠠᠢ ᠲᠥᠷᠥᠯ ᠵᠦᠶᠯ ᠢ ᠠᠬᠢᠭᠤᠯᠬᠤ ᠬᠤᠯᠪᠣᠭᠳᠠᠯ ᠪᠥᠬᠦᠶ ᠵᠦᠶᠯᠡᠰ ᠢ ᠰᠤᠳᠤᠯᠪᠠ᠃         ᠬᠤᠷᠠᠯ ᠠᠴᠠ ᠮᠠᠨ ᠤ  ᠲᠤᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠶᠡᠷᠦᠩᠬᠡᠢ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃  ᠭᠤᠤᠯᠳᠠᠯᠭ᠎ᠠ ᠲᠠᠢ ᠲᠥᠷᠥᠯ ᠵᠦᠶᠯ ᠢ ᠨᠢᠭᠡ ᠨᠢᠭᠡ ᠪᠠᠷ ︽ᠰᠠᠶᠢᠰᠢᠶᠠᠨ ᠳᠡᠪᠰᠢᠭᠦᠯᠬᠦ︾᠂ ᠠᠬᠢᠴᠠ ᠶᠢ ᠨᠢ ᠠᠰᠠᠭᠤᠵᠤ᠂ ᠬᠡᠮ ᠰᠣᠭᠤᠭ ᠢ ᠨᠢ ᠡᠷᠢᠵᠦ᠂ ᠠᠷᠭ᠎ᠠ ᠶᠢ ᠨᠢ ᠡᠷᠢᠵᠦ᠂ ᠴᠠᠭ ᠤᠨ ᠬᠢᠵᠠᠭᠠᠷ ᠢ ᠨᠢ  ᠲᠤᠭᠲᠠᠭᠠᠵᠠᠢ ᠃      ᠬᠤᠷᠠᠯ ᠠᠴᠠ  ᠵᠢᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂  ᠲᠥᠷᠥᠯ ᠵᠦᠶᠯ ᠢ ᠵᠣᠯᠭᠠᠭᠤᠯᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠲᠥᠷᠥᠯ ᠵᠦᠶᠯ ᠤᠨ ᠭᠡᠷ᠎ᠡ ᠲᠣᠭᠲᠠᠬᠤ᠂ ᠪᠣᠳᠠᠲᠠᠶᠢᠵᠢᠭᠤᠯᠬᠤ᠂ ᠠᠵᠢᠯ ᠡᠬᠢᠯᠡᠭᠦᠯᠬᠦ᠂ ᠪᠥᠲᠥᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ᠂ ᠦᠷ᠎ᠡ ᠪᠦᠲᠦᠮᠵᠢ ᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠪᠠᠶᠢᠭᠤᠯᠤᠯᠭ᠎ᠠ ᠠᠴᠠ ᠭᠠᠷᠴᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠡᠮᠦᠨ᠎ᠡ ᠨᠢ ᠦᠢᠯᠡᠴᠢᠯᠡᠵᠦ᠂ ᠲᠦᠷᠦᠯ ᠵᠦᠢᠯ ᠤᠨ ᠵᠠᠩᠭᠢᠯᠠᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ︽ᠲᠠᠶᠢᠯᠪᠤᠷᠢᠯᠠᠯᠲᠠ ᠲᠠᠢ︾ ᠰᠡᠳᠬᠢᠬᠦᠢ ᠪᠠᠷ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ  ᠭᠡᠵᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠣᠯᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠬᠤ ᠬᠡᠷᠡᠭᠲᠡᠢ᠃ ︽ᠦᠢᠯᠡᠰ ᠪᠦᠲᠦᠭᠡᠪᠡᠯ ᠰᠠᠶ᠋ᠢ ᠣᠷᠣᠨ ᠪᠠᠶᠢᠷᠢ ᠲᠠᠢ ᠪᠣᠯᠬᠤ︾ ᠤᠳᠤᠷᠢᠳᠤᠮᠵᠢ ᠶᠢ ᠪᠤᠢ ᠪᠣᠯᠭᠠᠵᠤ᠂ ᠪᠠᠶᠢᠷᠢᠰᠢᠯ ᠢ ᠶᠡᠬᠡᠳᠬᠡᠵᠦ᠂ ᠵᠢᠨᠢᠩ ᠤᠨ ᠬᠤᠪᠢᠷᠠᠯᠲᠠ ᠶᠢ ᠪᠣᠳᠣᠯᠬᠢᠯᠠᠨ ᠬᠦᠴᠦᠷᠬᠡᠭᠵᠢᠬᠦ ᠪᠠᠷ  ᠴᠢᠷᠮᠠᠶᠢᠵᠤ᠂  ᠲᠤᠭᠤᠷᠢᠭ ᠤᠨ  ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠪᠠᠭᠤᠯᠭᠠᠭᠰᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢ ᠲᠡᠷᠡ ᠬᠡᠪ ᠢᠶᠠᠷ ᠨᠢ ᠪᠡᠶᠡᠯᠡᠭᠦᠯᠵᠦ᠂ ᠬᠠᠭᠤᠷᠴᠤ ᠮᠡᠬᠡᠯᠡᠵᠦ ᠪᠣᠭᠤᠮᠲᠠ ᠶᠢ ᠲᠤᠭᠤᠯᠬᠤ᠂ ᠠᠵᠠ ᠪᠠᠷ ᠠᠵᠢᠯ ᠢᠶᠠᠨ ᠲᠤᠰᠢᠶᠠᠬᠤ ᠦᠵᠡᠯ ᠰᠠᠨᠠᠭ᠎ᠠ ᠶᠢ ᠬᠤᠷᠢᠭᠯᠠᠬᠤ ᠬᠡᠷᠡᠭᠲᠡᠶ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠎ ᠤᠳ ᠦᠢᠯᠡᠴᠢᠯᠡᠬᠦ ᠦᠵᠡᠯ ᠤᠬᠠᠮᠰᠠᠷ ᠪᠣᠯᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠬᠠᠷᠢᠯᠴᠠᠨ ᠲᠦᠯᠬᠢᠯᠴᠡᠬᠦ ᠦᠵᠡᠭᠳᠡᠯ ᠠᠴᠠ ᠵᠠᠶᠢᠯᠠᠰᠬᠢᠬᠦ ᠬᠡᠷᠡᠭᠲᠡᠶ᠃ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠣᠯᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠡᠭᠦᠷᠭᠡᠯᠡᠵᠦ᠂ ᠦᠶᠯᠡᠳᠦᠯ ᠢᠶᠠᠨ ᠰᠠᠶᠢᠲᠤᠷ ᠪᠠᠳᠠᠷᠠᠭᠤᠯᠤᠨ᠂ ᠡᠯ᠎ᠡ ᠬᠦᠷᠢᠶ᠎ᠡ ᠴᠠᠷᠠᠭ᠎ᠠ ᠶᠢᠨ ᠲᠥᠷᠥᠯ ᠵᠦᠶᠯ ᠤᠨ ᠰᠠᠭᠤᠷᠢ ᠲᠤᠭ᠎ᠠ ᠶᠢ ᠲᠣᠳᠣᠷᠬᠠᠶᠢᠯᠠᠵᠤ᠂ ᠪᠠᠶᠢᠳᠠᠯ ᠢ ᠲᠣᠳᠣᠷᠬᠠᠶ ᠪᠣᠯᠭᠠᠬᠤ ᠬᠡᠷᠡᠭᠲᠡᠶ᠃        ᠶᠤᠤ ᠬᠠᠶ ᠮᠢᠩ᠂ ᠷᠧᠨ ᠶᠦᠩ ᠱᠧᠩ᠂ ᠱᠢ ᠭᠤᠸᠠᠩ᠂ ᠯᠢᠦ ᡁᠢ ᠷᠦᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                              ᠵᠢᠷᠤᠭ᠄ ᠴᠢᠶᠤᠤ ᠮᠢᠨ                              ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2