ᠵᠢᠨᠢᠩ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢ ︽ᠳᠠᠨᠵᠢᠯᠠᠵᠤ ᠡᠷᠦᠬᠡ ᠰᠢᠯᠵᠢᠭᠦᠯᠬᠦ︾ ᠲᠤᠬᠠᠶᠢᠯᠠᠭᠰᠠᠨ ᠠᠵᠢᠯ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2023/4/28
       4 ᠰᠠᠷ᠎ᠠ ᠶᠢᠨ 27᠎ ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠵᠢᠨᠢᠩ ᠬᠤᠪᠢᠶᠠᠷᠢ ᠲᠣᠭᠤᠷᠢᠭ ᠤᠨ ᠲᠥᠪ ᠲᠤ᠂ ᠬᠤᠲᠠ ᠶᠢᠨ ᠠᠷᠠᠳ ᠵᠣᠣ ᠠᠪᠤᠭᠠᠶ ᠠᠵᠢᠯᠲᠠᠨ ᠤ ᠬᠠᠪᠰᠤᠷᠤᠯᠭ᠎ᠠ ᠳᠣᠤᠷ᠎ᠠ᠂ ᠥᠯᠥ ᠬᠥᠳᠡᠯᠬᠦ ᠬᠥᠷᠥᠩᠭᠡ ᠶᠢ ︽ᠳᠠᠨᠵᠢᠯᠠᠵᠤ ᠡᠷᠦᠬᠡ ᠰᠢᠯᠵᠢᠭᠦᠯᠬᠦ︾ ᠲᠤᠬᠠᠶᠢᠯᠠᠭᠰᠠᠨ ᠠᠵᠢᠯ ᠢ ᠠᠮᠵᠢᠯᠲᠠ ᠲᠠᠢ ᠭᠦᠶᠴᠡᠳᠬᠡᠵᠦ᠂ ᠤᠯᠠᠭᠠᠨᠴᠠᠪ ᠬᠤᠲᠠ ᠶᠢᠨ ᠥᠯᠥ ᠬᠥᠳᠡᠯᠬᠦ ᠬᠥᠷᠥᠩᠭᠡ ᠶᠢ ︽ᠳᠠᠨᠵᠢᠯᠠᠵᠤ ᠡᠷᠦᠬᠡ ᠰᠢᠯᠵᠢᠭᠦᠯᠬᠦ︾ ᠲᠤᠬᠠᠶᠢᠯᠠᠭᠰᠠᠨ ᠠᠵᠢᠯ ᠤᠨ ᠲᠦᠷᠦᠭᠦᠤ ᠪᠦᠯᠦᠭ ᠤᠨ ᠠᠰᠢᠭ ᠬᠦᠷᠲᠡᠭᠴᠢ ᠪᠣᠯᠤᠭᠰᠠᠨ ᠪᠠᠶᠢᠨ᠎ᠠ᠃       ᠣᠶᠢᠯᠠᠭᠠᠭᠰᠠᠨ ᠢᠶᠠᠷ᠂ ︽ᠪᠠᠷᠢᠴᠠᠭᠠᠨ ᠳᠤ ᠠᠪᠠᠴᠢᠵᠤ ᠡᠷᠦᠬᠡ ᠰᠢᠯᠵᠢᠭᠦᠯᠬᠦ︾ ᠲᠤᠬᠠᠶᠢᠯᠠᠭᠰᠠᠨ ᠠᠵᠢᠯ᠂ ᠥᠮᠴᠢᠲᠡᠨ ᠠᠴᠠ ᠵᠢᠭᠡᠯᠡᠯᠭᠡ ᠪᠠᠨ ᠤᠷᠢᠳᠴᠢᠯᠠᠨ ᠲᠤᠰᠢᠶᠠᠵᠤ ᠳᠠᠭᠤᠰᠬᠠᠬᠤ ᠦᠭᠡᠶ ᠪᠠᠷ ᠭᠡᠷ ᠬᠥᠷᠥᠩᠭᠡ ᠶᠢᠨ ᠪᠠᠷᠢᠴᠠᠭ᠎ᠠ ᠪᠠᠨ ᠬᠦᠴᠦᠨ ᠦᠭᠡᠶ ᠪᠣᠯᠭᠠᠭᠰᠠᠨ ᠪᠠᠶᠢᠳᠠᠯ ᠳᠣᠣᠷ᠎ᠠ ᠰᠢᠭᠤᠳ ᠥᠯᠥ ᠬᠥᠳᠡᠯᠬᠦ ᠬᠥᠷᠥᠩᠭᠡ ᠶᠢᠨ ᠡᠷᠦᠬᠡ ᠰᠢᠯᠵᠢᠭᠦᠯᠬᠦ ᠭᠠᠷ ᠭᠦᠢᠴᠡᠳᠬᠡᠯ ᠬᠢᠵᠦ᠂ ᠪᠠᠷᠢᠴᠠᠭ᠎ᠠ ᠪᠣᠯᠤᠨ ᠥᠮᠴᠢᠯᠡᠯ ᠤᠨ ᠡᠷᠬᠡ ᠶᠢ ᠵᠡᠷᠭᠡᠪᠡᠷ ᠬᠤᠳᠠᠯᠳᠤᠨ ᠠᠪᠤᠭᠴᠢ ᠳᠤ ᠰᠢᠯᠵᠢᠭᠦᠯᠵᠦ᠂ ᠤᠯᠠᠮᠵᠢᠯᠠᠯᠲᠤ ᠵᠠᠭᠪᠤᠷ ᠤᠨ ᠳᠣᠣᠷ᠎ᠠ ᠤᠷᠢᠳᠠᠪᠠᠷ ᠵᠢᠭᠡᠯᠡᠯᠭᠡ ᠪᠠᠨ ᠪᠤᠴᠠᠭᠠᠬᠤ᠂ ᠲᠠᠷᠠᠭ᠎ᠠ ᠨᠢ ᠡᠷᠤᠭᠡ ᠰᠢᠯᠵᠢᠭᠦᠯᠬᠦ ᠠᠴᠠ ᠪᠣᠯᠤᠭᠰᠠᠨ ᠥᠪᠡᠷ ᠤᠨ ᠦᠷᠳᠡᠭ ᠥᠨᠳᠥᠷ᠂ ᠨᠠᠰᠢ ᠴᠠᠰᠢ ᠭᠦᠶᠦᠬᠦ᠂ ᠭᠤᠭᠴᠤᠭ᠎ᠠ ᠤᠯᠠᠨ ᠵᠡᠷᠭᠡ ᠳᠥᠭᠦᠮ ᠦᠭᠡᠢ ᠬᠦᠴᠦᠨ ᠵᠦᠢᠯ ᠢ ᠰᠢᠢᠳᠪᠦᠷᠢᠯᠡᠵᠦ᠂ ᠭᠠᠷ ᠳᠠᠮᠵᠢᠭᠰᠠᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠮᠠᠶᠢᠮᠠᠶᠢᠯᠠᠬᠤ ᠬᠤᠶᠠᠷ ᠲᠠᠯ᠎ᠠ ᠳᠤ ᠨᠡᠩ ᠳᠥᠭᠦᠮ ᠳᠥᠲᠡ᠂ ᠨᠡᠩ ᠨᠠᠶᠢᠳᠠᠪᠤᠷᠢᠲᠠᠢ ᠠᠵᠢᠯᠯᠠᠭᠠᠨ ᠤ ᠵᠠᠭᠪᠤᠷ ᠢ ᠬᠠᠩᠭᠠᠵᠠᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2