ᠵᠢᠨᠢᠩ ᠲᠣᠭᠤᠷᠢᠭ 2023 ᠣᠨ ᠤ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠤᠷᠠᠯ ᠵᠢᠴᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/3
705470.jpg
     4 ᠰᠠᠷ᠎ᠠ ᠶᠢᠨ 1᠎ ᠤ ᠣᠷᠣᠶ᠂ ᠬᠤᠳᠠ ᠶᠢᠨ ᠨᠠᠮ ᠤᠨ  ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠱᠦᠵᠢ ᠵᠠᠩ ᠶᠦᠩ ᠸᠧᠨ ᠵᠢᠨᠢᠩ ᠲᠣᠭᠤᠷᠢᠭ ᠤᠨ 2023 ᠣᠨ ᠤ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠤᠷᠠᠯ ᠵᠢᠴᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠪᠣᠯᠤᠨ ᠭᠤᠤᠯ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠡᠲᠦ ᠬᠦᠨᠳᠦ ᠴᠠᠭ ᠠᠭᠤᠷ ᠤᠨ ᠭᠠᠮᠰᠢᠭ ᠢ ᠠᠷᠭᠠᠴᠠᠬᠤ ᠪᠡᠯᠡᠳᠬᠡᠯ᠂ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ  ᠱᠠᠲᠤ ᠡᠯ᠎ᠡ ᠰᠠᠯᠠᠭ᠎ᠠ ᠮᠥᠴᠢᠷ  ᠤᠳ  ᠴᠠᠭ ᠠᠭᠤᠷ ᠟  ᠤᠨ ᠭᠠᠮᠰᠢᠭ ᠶᠢ ᠬᠢᠨᠠᠨ ᠬᠡᠮᠵᠢᠵᠦ ᠰᠡᠷᠡᠮᠵᠢᠯᠡᠭᠦᠯᠬᠦ  ᠶᠢ ᠦᠷᠭᠦᠯᠵᠢᠯᠡᠨ ᠴᠢᠩᠭᠠᠳᠬᠠᠵᠤ᠂ ᠪᠡᠯᠡᠳᠭᠡᠮᠵᠢᠳᠤ ᠲᠠᠷᠢᠶᠠᠯᠠᠩ᠂ ᠬᠤᠳᠠ  ᠶᠢᠨ ᠶᠠᠪᠤᠳᠠᠯ  ᠤᠨ ᠪᠡᠯᠡᠳᠬᠡᠮᠵᠢ᠂ ᠪᠠᠷᠢᠯᠭ᠎ᠠ ᠎ ᠶᠢᠨ ᠭᠠᠵᠠᠷ ᠵᠡᠷᠭᠡ ᠭᠤᠣᠯᠳᠠᠯᠭ᠎ᠠ ᠲᠠᠢ ᠬᠦᠷᠢᠶᠡᠨ  ᠳᠤ ᠵᠢᠭᠰᠠᠭᠠᠨ ᠪᠠᠶᠢᠴᠠᠭᠠᠬᠤ  ᠶᠢ  ᠥᠷᠨᠢᠭᠦᠯᠵᠦ᠂ ᠭᠠᠮᠰᠢᠭ ᠭᠠᠷᠬᠤ  ᠶᠢ ᠴᠢᠷᠮᠠᠶᠢᠨ ᠰᠡᠷᠭᠡᠶᠢᠯᠡᠬᠦ ᠬᠡᠷᠡᠭᠲᠡᠶ᠃ ᠴᠡᠴᠡᠷᠯᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠶᠢᠨ ᠶᠠᠪᠤᠳᠠᠯ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠪᠠ ᠤᠰᠤ ᠴᠠᠬᠢᠯᠭᠠᠨ ᠳᠤᠯᠠᠭᠠᠯᠠᠭ᠎ᠠ ᠶᠢᠨ ᠬᠠᠩᠭᠠᠯᠭ᠎ᠠ ᠶᠢ ᠦᠨᠡᠨᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠬᠤᠲᠠ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ      ᠬᠤᠷᠠᠯ ᠤᠨ  ᠱᠠᠭᠠᠷᠳᠠᠭᠰᠠᠨ ᠨᠢ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠳᠠᠬᠢᠨ ᠳᠡᠭᠡᠭᠰᠢᠯᠡᠭᠦᠯᠵᠦ᠂ ᠳᠠᠬᠢᠨ ᠭᠦᠨᠵᠡᠭᠡᠶᠢᠷᠡᠭᠦᠯᠵᠦ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠬᠤᠷᠢᠭᠯᠠᠬᠤ ᠬᠡᠷᠡᠭᠲᠡᠶ᠃ ᠬᠠᠷᠢᠭᠤᠴᠠᠯᠭ᠎ᠠ ᠶᠢᠨ ᠲᠠᠯ᠎ᠠ ᠪᠠᠷ ᠳᠠᠭᠢᠵᠤ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠵᠤ᠂ ᠠᠭᠤᠯᠠ ᠶᠢ ᠪᠢᠲᠡᠭᠦᠮᠵᠢᠯᠡᠵᠦ᠂ ᠬᠥᠮᠦᠨ ᠢ ᠬᠠᠮᠢᠶᠠᠷᠴᠤ᠂ ᠭᠠᠯ ᠢ ᠰᠠᠶᠢᠲᠤᠷ ᠬᠠᠷᠠᠵᠤ᠂ ᠭᠠᠯ ᠤᠨ ᠭᠠᠮᠰᠢᠭ ᠤᠨ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠬᠤ ᠬᠡᠷᠡᠭᠲᠡᠶ᠃ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠬᠢᠨ ᠨᠠᠷᠢᠯᠢᠬᠵᠢᠭᠤᠯᠤᠨ᠂ ᠠᠶᠤᠯ ᠲᠦᠭᠰᠢᠭᠦᠷᠢ ᠶᠢᠨ ᠴᠡᠭ ᠤᠨ ᠪᠠᠶᠢᠴᠠᠭᠠᠯᠲᠠ ᠶᠢ ᠲᠣᠪ ᠲᠣᠳᠣᠷᠬᠠᠶ ᠪᠠᠶᠢᠯᠭᠠᠵᠤ᠂ ᠭᠠᠯ ᠰᠡᠷᠭᠡᠶᠢᠯᠡᠨ ᠤᠨᠲᠠᠷᠠᠭᠠᠬᠤ ᠲᠥᠰᠦᠯ᠂ ᠡᠳ᠋ ᠪᠣᠳᠠᠰ᠂ ᠡᠩᠨᠡᠭᠡᠨ ᠤ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠳᠠᠭᠠᠭᠤᠯᠬᠤ᠂ ᠮᠡᠳᠡᠭᠦᠯᠵᠦ ᠵᠢᠭᠠᠪᠤᠷᠢ ᠠᠪᠬᠤ ᠵᠡᠷᠭᠡ ᠲᠦᠷᠢᠮ ᠢ ᠴᠢᠩᠭ᠎ᠠ ᠨᠢᠮᠪᠠᠶ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠠᠮᠤᠷ ᠲᠦᠪᠰᠢᠨ ᠤ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠠᠮᠵᠢᠯᠴᠠᠬᠤ ᠶᠢ ᠴᠢᠩᠭᠠᠳᠬᠠᠵᠤ᠂ ᠲᠣᠬᠢᠷᠠᠭᠤᠯᠭ᠎ᠠ ᠵᠢᠯᠣᠭᠤᠳᠣᠯᠭ᠎ᠠ ᠶᠢ ᠳᠠᠭᠠᠵᠤ᠂ ᠬᠠᠷᠢᠯᠴᠠᠨ ᠨᠡᠪᠲᠡᠷᠡᠯᠴᠡᠨ ᠵᠣᠬᠢᠴᠠᠭᠤᠯᠬᠤ ᠶᠢ ᠰᠠᠶᠢᠲᠤᠷ ᠬᠢᠵᠦ᠂ ᠭᠠᠯ ᠰᠡᠷᠭᠡᠶᠢᠯᠡᠬᠦ ᠠᠵᠢᠯ ᠢ ᠶᠣᠰᠣᠨ ᠲᠡᠳᠦᠶ ᠥᠩᠭᠡᠷᠡᠭᠦᠯᠬᠦ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ  ᠪᠡᠶᠡᠯᠡᠭᠦᠯᠬᠦ ᠬᠡᠷᠡᠭᠲᠡᠶ᠃ ᠤᠬᠠᠭᠤᠯᠭ᠎ᠠ ᠶᠢᠨ ᠲᠠᠯ᠎ᠠ ᠪᠠᠷ ᠳᠠᠬᠢᠨᠲᠠ ᠬᠦᠴᠦᠯᠡᠵᠦ᠂ ᠪᠥᠬᠦ ᠠᠷᠠᠳ ᠢᠶᠠᠷ ᠢᠶᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠳᠤ ᠣᠷᠣᠯᠴᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠪᠥᠬᠦ ᠠᠷᠠᠳ ᠢᠶᠠᠷ ᠢᠶᠠᠨ ᠠᠩᠬᠠᠷᠴᠤ᠂ ᠪᠥᠬᠦ ᠠᠷᠠᠳ ᠢᠶᠠᠷ ᠢᠶᠠᠨ ᠳᠡᠮᠵᠢᠵᠦ᠂ ᠪᠥᠬᠦ ᠠᠷᠠᠳ ᠢᠶᠠᠷ ᠢᠶᠠᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠺᠠᠩ ᠬᠠᠢ ᠷᠦᠢ᠂  ᠶᠤᠤ ᠬᠠᠢ ᠮᠢᠩ᠂ ᠾᠧ ᠷᠦᠨ ᠭᠧᠨ᠂ ᠯᠢ ᠵᠢᠩ᠂ ᠸᠠᠩ ᠯᠢ ᠰᠢᠨ᠂ ᠶᠠᠩ ᠶᠦᠩ᠂ ᠯᠢᠦ ᡁᠢ ᠷᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                          ᠵᠢᠷᠤᠭ᠄ ᠴᠢᠶᠤᠤ ᠮᠢᠨ                          ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2