| | | | | | | | 4 ᠰᠠᠷ᠎ᠠ ᠶᠢᠨ 3 ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ | ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 | ᠣᠨ ᠤ 5 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 6 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ | ᠬᠤᠷᠠᠯ ᠠᠴᠠ ᠵᠢᠨᠢᠩ ᠲᠣᠭᠤᠷᠢᠭ ᠤᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ᠂ 2023 ᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ ᠬᠤᠪᠢᠶᠠᠷᠢᠯᠠᠯᠲᠠ᠂ 2023 ᠣᠨ ᠤ ᠬᠤᠳᠠ ᠪᠠᠯᠭᠠᠰᠤᠨ ᠤ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠵᠡᠷᠭᠡ ᠶᠠᠪᠤᠳᠠᠯ ᠢ ᠰᠤᠳᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠳᠤ ᠪᠠᠷᠢᠯᠭ᠎ᠠ ᠶᠢᠨ ᠬᠤᠭᠤᠴᠠᠭ᠎ᠠ ᠶᠢ ᠪᠠᠶᠢᠷᠢᠯᠠᠭᠤᠯᠵᠤ᠂ ︽ | ᠰᠢᠨ᠎ᠡ ᠶᠢ ᠡᠭᠦᠳᠬᠦ ᠪᠠᠷ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠶᠢ ᠡᠭᠦᠳᠬᠦ ᠪᠠᠷ ᠪᠦᠳᠦᠬᠡᠨ ᠪᠠᠶᠢᠭᠤᠯᠤᠯᠲᠠ ᠶᠢ | ᠠᠬᠢᠭᠤᠯᠬᠤ︾ ᠶᠢ ᠪᠡᠶᠡᠯᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠡᠭᠦᠳᠦᠨ ᠪᠠᠶᠢᠭᠤᠯᠬᠤ ᠬᠠᠷᠠᠯᠲᠠ ᠲᠠᠢ | ᠬᠠᠷᠢᠴᠠᠭᠤᠯᠤᠨ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠨ ᠨᠠᠷᠢᠯᠢᠬᠵᠢᠭᠤᠯᠤᠨ᠂ ᠠᠵᠢᠯ ᠤᠨ ᠪᠠᠷᠢᠮᠵᠢᠶ᠎ᠠ ᠪᠠᠨ ᠲᠣᠳᠣᠷᠬᠠᠶᠢᠯᠠᠵᠤ᠂ ᠨᠢᠭᠡᠳᠦᠯᠲᠡᠶ ᠲᠥᠯᠥᠪᠯᠡᠬᠦ | ᠂ ᠳᠣᠭᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠪᠤᠰᠤᠳ ᠰᠠᠯᠠᠭ᠎ᠠ ᠮᠥᠴᠢᠷ ᠤᠳ ᠡᠭᠦᠷᠭᠡ ᠪᠠᠨ | ᠰᠠᠨᠠᠭᠠᠴᠢᠯᠠᠭ᠎ᠠ ᠠᠴᠠ ᠪᠠᠨ ᠲᠠᠨᠢᠵᠤ᠂ ᠡᠯ᠎ᠡ ᠵᠦᠶᠯ ᠤᠨ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶ ᠥᠷᠨᠢᠬᠦ ᠶᠢ | ᠠᠬᠢᠭᠤᠯᠵᠤ᠂ ᠨᠢᠭᠡ ᠯᠡ ᠳᠡᠭᠡᠷ᠎ᠡ ᠡᠭᠦᠳᠦᠨ ᠪᠠᠶᠢᠭᠤᠯᠤᠭᠠᠳ ᠠᠮᠵᠢᠯᠲᠠ ᠤᠯᠬᠤ ᠪᠠᠷ ᠴᠢᠷᠮᠠᠶᠢᠬᠤ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ | ᠲᠥᠷᠥᠯ ᠵᠦᠶᠯ ᠤᠨ ᠬᠥᠮᠥᠷᠭᠡ ᠶᠢ ᠰᠠᠶᠢᠲᠤᠷ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠵᠣᠯᠭᠠᠭᠤᠯᠬᠤ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ᠂ ᠲᠥᠷᠥᠯ ᠵᠦᠶᠯ ᠢ ᠳᠠᠷᠦ᠋ᠢᠬᠠᠨ | ᠡᠬᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠳᠣᠣᠷ᠎ᠠ ᠬᠠᠭᠠᠰ ᠵᠢᠯ ᠤᠨ ᠠᠵᠤ ᠦᠢᠯᠡᠰ ᠤᠨ ᠲᠦᠷᠦᠯ ᠵᠦᠢᠯ ᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠠᠬᠤᠶᠢᠯᠠᠯ ᠲᠠᠢ ᠭᠦᠨᠵᠡᠭᠡᠢ ᠬᠠᠮᠲᠤᠷᠠᠯᠴᠠᠵᠤ᠂ ᠡᠬᠢ | ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ᠲᠤᠮᠤ ᠲᠦᠷᠦᠯ ᠵᠦᠢᠯ ᠢ ᠠᠳᠬᠤᠬᠤ ᠬᠡᠷᠡᠭᠲᠡᠢ ᠃ ᠭᠦᠸᠧ ᠷᠦᠩ | ᠺᠣᠮᠫᠠᠨᠢ ᠪᠣᠯᠤᠨ ᠬᠤᠯᠪᠣᠭᠳᠠᠯ ᠪᠦᠬᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠭᠤᠣᠯ ᠪᠣᠯᠭᠠᠵᠤ᠂ ᠬᠠᠮᠵᠢᠯᠴᠠᠬᠤ ᠪᠠᠨ | ᠴᠢᠩᠭᠠᠳᠬᠠᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠵᠢᠷᠤᠭ᠄ ᠭᠦᠸᠧ ᠸᠧᠨ ᠵᠢᠶᠧ | ᠤᠷᠴᠢᠭᠤᠯᠤᠭᠴᠢ᠄ ᠲᠤᠶᠠᠭ᠎ᠠ | | | |