| ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ | ︽ᠨᠢᠭᠡ ᠬᠥᠮᠦᠨ ᠤ ᠨᠠᠶᠢᠳᠠᠪᠤᠷᠢᠲᠠᠶ ᠡᠰᠡᠬᠦ ᠶᠢ ᠣᠶᠢᠯᠠᠭᠠᠬᠤ ᠳᠤ ᠲᠡᠭᠦᠨ ᠢᠶᠠᠷ ᠬᠠᠷᠢᠭᠤᠴᠠᠯᠭ᠎ᠠ ᠡᠭᠦᠷᠭᠡᠯᠡᠭᠦᠯᠬᠦ | ᠪᠣᠯ ᠬᠠᠮᠤᠭ ᠤᠨ ᠪᠦᠲᠦᠮᠵᠢᠲᠡᠶ ᠠᠷᠭ᠎ᠠ ᠶᠤᠮ︾ ᠭᠡᠰᠡᠨ ᠦᠭᠡ ᠪᠠᠶᠢᠳᠠᠭ᠃ ᠨᠠᠶᠢᠳᠠᠪᠤᠷᠢᠲᠠᠢ ᠬᠦᠮᠦᠨ ᠬᠦᠴᠢᠷ | ᠪᠡᠷᠬᠡᠰᠢᠶᠡᠯ ᠡᠴᠡᠬᠠᠯᠠᠰᠢᠷᠠᠳᠠᠭᠦᠭᠡᠢ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ᠠᠰᠠᠭᠤᠳᠠᠯ ᠢ | ᠰᠢᠢᠳᠪᠦᠷᠢᠯᠡᠬᠦ ᠠᠷᠭ᠎ᠠ ᠶᠢ ᠢᠳᠡᠪᠬᠢᠲᠡᠶ ᠪᠣᠳᠣᠯᠬᠢᠯᠠᠳᠠᠭ᠃ | ᠠᠳᠠᠯᠢ ᠪᠤᠰᠤ ᠨᠠᠰᠤᠨ ᠳᠤ ᠠᠳᠠᠯᠢ ᠪᠤᠰᠤ ᠶᠢᠨ ᠬᠠᠷᠢᠭᠤᠴᠠᠯᠭ᠎ᠠ ᠲᠠᠢ᠂ ᠨᠡᠶᠢᠭᠡᠮ ᠤᠨ ᠳᠦᠷᠢ ᠨᠢᠭᠡᠪᠦᠷᠢ ᠶᠢᠨ | ᠠᠷᠤ ᠳᠤ ᠴᠤ ᠠᠳᠠᠯᠢ ᠪᠤᠰᠤ ᠶᠢᠨ ᠱᠠᠭᠠᠷᠳᠠᠯᠭ᠎ᠠ ᠲᠠᠢ ᠪᠠᠶᠢᠳᠠᠭ᠃ ᠬᠠᠷᠢᠭᠤᠴᠠᠯᠭ᠎ᠠ ᠲᠠᠢ ᠬᠥᠮᠦᠨ ᠰᠠᠶ᠋ᠢ ᠳᠡᠷᠭᠡᠳᠡᠬᠢ | ᠬᠥᠮᠥᠰ ᠲᠡᠭᠡᠨ ᠠᠮᠤᠷ ᠲᠦᠪᠰᠢᠨ ᠲᠦᠷᠦᠭᠳᠡᠯ ᠣᠯᠭᠤᠨ᠎ᠠ᠃ | ᠴᠢᠳᠠᠯ ᠤᠨ ᠬᠢᠷᠢ ᠪᠠᠷ ᠢᠶᠠᠨ ᠠᠵᠢᠯᠯᠠᠬᠤ | ᠵᠠᠷᠢᠮ ᠬᠥᠮᠦᠨ ᠠᠵᠢᠯ ᠬᠢᠬᠦ ᠳᠡᠭᠡᠨ ᠬᠠᠰᠢ ᠶᠠᠰᠢ ᠪᠠᠷ ᠠᠯᠪᠠ ᠬᠠᠰᠢᠵᠤ᠂ ᠠᠷᠭᠠᠴᠠᠭᠠᠬᠤ ᠳᠤᠷᠠᠲᠠᠶ ᠪᠠᠶᠢᠳᠠᠭ᠃ | ᠦᠨᠡᠨᠬᠦ ᠢᠲᠡᠭᠡᠯ ᠵᠢᠷᠤᠮ ᠢ ᠡᠷᠬᠢᠮᠯᠡᠳᠡᠭ ᠬᠥᠮᠦᠨ ᠠᠵᠢᠯ ᠶᠠᠪᠤᠳᠠᠯ ᠬᠢᠬᠦ ᠳᠡᠭᠡᠨ ᠨᠠᠷᠢᠨ ᠬᠢᠨᠠᠮᠠᠭᠠᠶ ᠪᠠᠶᠢᠵᠤ᠂ ᠤᠴᠢᠷ | ᠶᠠᠪᠤᠳᠠᠯ ᠪᠦᠬᠦᠨ ᠢᠠᠯᠢ ᠴᠢᠳᠠᠬᠤ ᠪᠠᠷ ᠰᠠᠶᠢᠨ ᠬᠢᠬᠦ ᠪᠠᠷ ᠴᠢᠷᠮᠠᠶᠢᠳᠠᠭ᠃ ᠶᠠᠪᠤᠳᠠᠯ | ᠤᠴᠢᠷ ᠲᠤ ᠬᠠᠨᠳᠤᠬᠤ ᠣᠪᠣᠷ ᠨᠢ ᠬᠢᠷᠢ ᠵᠡᠷᠭᠡ ᠬᠤᠯᠠ ᠶᠠᠪᠤᠬᠤ ᠶᠢ ᠲᠣᠭᠲᠠᠭᠠᠨ᠎ᠠ᠃ ᠣᠯᠠᠩᠬᠢ ᠳ᠋ᠠᠭᠠᠨᠤᠴᠢᠷ | ᠶᠠᠪᠤᠳᠠᠯ ᠢ ᠠᠮᠵᠢᠯᠲᠠᠲᠠᠶ ᠪᠠᠷ ᠪᠡᠶᠡᠯᠡᠭᠦᠯᠬᠦ ᠳᠤ ᠭᠠᠭᠴᠠᠬᠠᠨ ᠲᠤᠰᠬᠠᠶ ᠮᠡᠷᠭᠡᠵᠢᠯ ᠤᠨ ᠴᠢᠳᠠᠪᠤᠷᠢ ᠳᠤ ᠯᠡ | ᠲᠦᠰᠢᠭᠯᠡᠬᠦᠪᠢᠰᠢ᠂ ᠬᠠᠷᠢᠨ ᠬᠢᠷᠢ ᠵᠡᠷᠭᠡ ᠰᠡᠳᠬᠢᠯ ᠭᠠᠷᠭᠠᠭᠰᠠᠨ ᠲᠠᠢ ᠬᠤᠯᠪᠤᠭ᠎ᠠ ᠲᠠᠢ ᠪᠠᠶᠢᠳᠠᠭ᠃ | | ᠠᠮᠠᠯᠠᠯᠲᠠ ᠪᠠᠨ ᠪᠠᠲᠤ ᠰᠠᠬᠢᠬᠤ | ᠠᠮᠢᠳᠤᠷᠠᠯ ᠳᠤᠮᠳᠠ᠂ ᠵᠠᠷᠢᠮ ᠬᠥᠮᠦᠨ ᠶᠡᠷᠦ ᠨᠢ ︽ᠨᠠᠳᠠ ᠳᠤ ᠨᠠᠶᠢᠳᠠᠴᠢᠬᠠ︾ ᠭᠡᠵᠦ ᠬᠡᠯᠡᠬᠦ ᠳᠤᠷᠠᠲᠠᠶ | ᠪᠠᠶᠢᠳᠠᠭ᠃ᠭᠡᠲᠡᠯ᠎ᠡ ᠬᠡᠰᠡᠭ ᠬᠤᠭᠤᠴᠠᠭ᠎ᠠ ᠥᠩᠭᠡᠷᠡᠭᠰᠡᠨ ᠤ ᠳᠠᠷᠠᠭ᠎ᠠ ᠲᠡᠳᠡᠨ ᠠᠴᠠ ᠠᠮᠠᠯᠠᠯᠲᠠ ᠪᠠᠨ ᠪᠡᠶᠡᠯᠡᠭᠦᠯᠵᠦ | ᠳᠡᠶᠢᠯᠬᠦ ᠡᠰᠡᠬᠦ ᠵᠢᠠᠰᠠᠭᠤᠬᠤ ᠳᠤ᠂ ᠲᠡᠳᠡ ᠦᠷᠭᠦᠯᠵᠢ ᠡᠯᠳᠡᠪ ᠵᠦᠢᠯ ᠤᠨ ᠰᠢᠯᠲᠠᠭ ᠬᠡᠯᠡᠵᠤ | ᠤᠳᠠᠭᠠᠰᠢᠷᠠᠭᠤᠯᠤᠭᠠᠳ ᠡᠴᠦᠰ ᠲᠡᠭᠡᠨ ᠬᠠᠰᠢᠶᠠᠰᠢ ᠪᠠᠷ ᠬᠠᠶᠠᠳᠠᠭ᠃ | ᠦᠨᠡᠨᠴᠢ ᠢᠲᠡᠭᠡᠯ ᠲᠠᠢ ᠭᠦᠮᠦᠨ ᠬᠡᠵᠢᠶ᠎ᠡ ᠴᠤ ᠬᠦᠮᠦᠨ ᠢ ᠬᠦᠰᠡᠷᠳᠡᠭᠦᠯᠬᠦ ᠦᠭᠡᠢ ᠶᠣᠮ᠃ ᠨᠢᠭᠡ ᠪᠣᠯ | ᠠᠮᠠᠷᠬᠠᠨᠠᠮᠠᠯᠠᠵᠤ ᠪᠣᠯᠬᠤ ᠥᠬᠡᠶ᠂ ᠨᠢᠭᠡ ᠪᠣᠯ ᠬᠡᠯᠡᠭᠰᠡᠨ ᠳᠡᠭᠡᠨ ᠬᠦᠷᠬᠦ ᠬᠡᠷᠡᠭᠲᠡᠢ᠃ ᠦᠭᠡ ᠶᠠᠷᠢᠶ᠎ᠠ ᠦᠢᠯᠡ | ᠠᠵᠢᠯᠯᠠᠭ᠎ᠠ ᠪᠠᠨᠨᠢᠭᠡᠳᠬᠡᠭᠰᠡᠨ ᠬᠥᠮᠦᠰ ᠰᠠᠶ᠋ᠢ ᠰᠠᠶᠢᠨ ᠰᠠᠶᠢᠬᠠᠨ ᠨᠡᠷ᠎ᠡ ᠠᠯᠳᠠᠷ ᠢᠶᠠᠨ ᠦᠯᠡᠳᠡᠭᠡᠵᠦ᠂ ᠨᠡᠩ ᠤᠯᠠᠨ | ᠠᠵᠠ ᠲᠣᠬᠢᠶᠠᠯ ᠢ ᠣᠯᠵᠤ ᠴᠢᠳᠠᠨ᠎ᠠ᠃ | ᠬᠥᠮᠦᠨ ᠴᠢᠨᠠᠷ ᠨᠢ ᠲᠥᠪ ᠭᠤᠣᠯᠴᠢ | ᠴᠢᠨᠦ ᠰᠡᠴᠡᠨ ᠰᠡᠷᠭᠦᠯᠡᠩ ᠪᠠ ᠠᠪᠢᠶᠠᠰ ᠴᠢᠳᠠᠪᠤᠷᠢ ᠴᠢᠨᠤ ᠶᠠᠭᠤ ᠣᠯᠵᠤ ᠴᠢᠳᠠᠬᠤ ᠶᠢ ᠲᠣᠭᠲᠠᠭᠠᠨ᠎ᠠ᠂ ᠭᠡᠲᠡᠯ᠎ᠡ | ᠴᠢᠨᠦᠬᠥ᠋ᠮᠦᠨ ᠴᠢᠨᠠᠷ ᠴᠢᠨᠢ ᠬᠠᠷᠢᠨ ᠬᠠᠮᠢᠭ᠎ᠠ ᠬᠦᠷᠬᠦ ᠶᠢ ᠴᠢᠨᠢ ᠲᠣᠭᠲᠠᠭᠠᠨ᠎ᠠ ᠭᠡᠰᠡᠨ ᠦᠭᠡ ᠪᠠᠶᠢᠳᠠᠭ᠃ ᠬᠥᠮᠦᠨ | ᠴᠢᠨᠠᠷ ᠪᠣᠯ ᠨᠢᠭᠡ ᠬᠥᠮᠦᠨ ᠤ ᠬᠠᠮᠤᠭ ᠤᠨ ᠦᠨᠡᠲᠡᠶ ᠵᠦᠢᠯ ᠶᠣᠮ᠃ ᠨᠠᠶᠢᠳᠠᠪᠤᠷᠢᠲᠠᠶ | ᠬᠥᠮᠦᠨ ᠪᠣᠯ ᠠᠵᠢᠯ ᠶᠠᠪᠤᠳᠠᠯ ᠬᠢᠬᠦ ᠳᠡᠭᠡᠨ ᠲᠥᠪ ᠰᠢᠯᠤᠭᠤᠨ ᠪᠥᠭᠡᠳ ᠨᠠᠭᠠᠳᠤ ᠵᠠᠬ᠎ᠠ ᠶᠢᠨ | ᠪᠠᠷᠢᠮᠵᠢᠶ᠎ᠠ ᠲᠠᠢ ᠪᠠᠶᠢᠳᠠᠭ᠂ ᠠᠰᠢᠭ ᠦᠵᠡᠪᠡᠯ ᠵᠢᠷᠤᠮ ᠢ ᠲᠡᠷᠰᠯᠡᠬᠦ ᠶᠠᠪᠤᠳᠠᠯ ᠬᠢᠬᠦ ᠥᠬᠡᠶ ᠶᠤᠮ᠃ | | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠶᠠᠪᠤᠳᠠᠯ ᠬᠢᠬᠦ ᠳᠡᠭᠡᠨ ᠴᠢᠳᠠᠯ ᠤᠨ ᠬᠢᠷᠢ ᠪᠠᠷ ᠢᠶᠠᠨ | ᠴᠢᠷᠮᠠᠶᠢᠵᠤ᠂ ᠠᠮᠠᠯᠠᠯᠲᠠ ᠪᠠᠨ ᠪᠠᠲᠤ ᠰᠠᠬᠢᠵᠤ᠂ ᠬᠥᠮᠦᠨ ᠴᠢᠨᠠᠷ ᠢᠶᠠᠨ ᠲᠥᠪ ᠪᠠᠶᠢᠯᠭᠠᠬᠤ ᠨᠢ ᠠᠯᠢᠪᠠ ᠤᠷᠠᠨ | ᠦᠭᠡ ᠠᠴᠠ ᠦᠨᠡᠲᠡᠢ ᠪᠢᠯᠡ᠃ | |