| | | | | | | | 4 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠵᠢᠨᠢᠩ ᠲᠣᠭᠤᠷᠢᠭ ᠤᠨ ᠬᠡᠷ | ᠪᠠᠶᠢᠰᠢᠩ ᠭᠠᠵᠠᠷ ᠰᠢᠷᠣᠶ ᠬᠥᠷᠥᠩᠭᠡ ᠶᠢᠨ ︽ᠭᠤᠷᠪᠠᠨ ᠪᠡᠷᠬᠡ︾ ᠠᠰᠠᠭᠤᠳᠠᠯ ᠢ ᠰᠢᠶᠳᠪᠦᠷᠢᠯᠡᠬᠦ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠣᠶᠢᠷ᠎ᠠ ᠶᠢᠨ ᠬᠤᠭᠤᠴᠠᠭᠠᠨ ᠳᠤ ᠬᠡᠷ ᠪᠠᠶᠢᠰᠢᠩ ᠭᠠᠵᠠᠷ ᠰᠢᠷᠣᠶ ᠬᠥᠷᠥᠩᠭᠡ ᠶᠢᠨ ︽ | ᠭᠤᠷᠪᠠᠨ ᠪᠡᠷᠬᠡ︾ ᠠᠰᠠᠭᠤᠳᠠᠯ ᠢ ᠰᠢᠶᠳᠪᠦᠷᠢᠯᠡᠭᠰᠡᠨ ᠪᠦᠬᠦᠯᠢ ᠴᠣᠭᠴᠠ ᠶᠢᠨ ᠠᠬᠢᠴᠠ ᠶᠢᠨ ᠪᠠᠶᠢᠳᠠᠯ ᠵᠢᠴᠢ | ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠪᠡ ᠃ ᠬᠡᠷᠡᠭ ᠢ ᠳᠠᠭᠠᠭᠠᠴᠢᠯᠠᠭᠰᠠᠨ ᠡᠯ᠎ᠡ ᠤᠳᠤᠷᠢᠳᠤᠯᠭ᠎ᠠ | ᠵᠢᠴᠢ ᠠᠵᠢᠯ ᠤᠨ ᠲᠤᠰᠬᠠᠶ ᠠᠩᠭᠢ ᠲᠣᠰ ᠲᠣᠰ ᠤᠨ ᠬᠡᠷᠡᠭ ᠢ ᠳᠠᠭᠠᠭᠠᠴᠢᠯᠠᠭᠰᠠᠨ ᠲᠥᠷᠥᠯ ᠵᠦᠶᠯ ᠤᠨ ᠣᠳᠣᠬᠠᠨ ᠤ | ᠰᠢᠶᠳᠪᠦᠷᠢᠯᠡᠬᠦ ᠶᠢ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ | ᠨᠢᠭᠡᠳᠬᠡᠵᠦ᠂ ᠪᠡᠷᠬᠡ ᠶᠢ ᠳᠠᠪᠠᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ︽ᠭᠤᠷᠪᠠᠨ ᠪᠡᠷᠬᠡ︾ | ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠰᠢᠶᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ | ᠠᠷᠠᠳ ᠣᠯᠠᠨ ᠤ ᠠᠮᠢ ᠪᠡᠶ᠎ᠡ ᠶᠢᠨ ᠠᠰᠢᠭ ᠲᠤᠰᠠ ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ᠃ ᠪᠠᠶᠢᠳᠠᠯ ᠢ | ᠣᠨᠣᠪᠴᠢᠲᠠᠢ ᠣᠶᠢᠯᠠᠭᠠᠵᠤ᠂ ᠠᠰᠠᠭᠤᠳᠠᠯ ᠢ ᠡᠮᠬᠢᠯᠡᠵᠦ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠨᠡᠩ | ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ︽ᠨᠢᠭᠡ ᠲᠦᠷᠦᠯ | ᠵᠦᠢᠯ ᠨᠢᠭᠡ ᠠᠷᠭ᠎ᠠ᠂ ᠨᠢᠭᠡ ᠠᠰᠠᠭᠤᠳᠠᠯ ᠨᠢᠭᠡ ᠠᠷᠭ᠎ᠠ ᠬᠡᠮᠵᠢᠶ᠎ᠡ︾ ᠶᠢ ᠪᠡᠶᠡᠯᠡᠭᠦᠯᠵᠦ᠂ ᠠᠵᠢᠯ ᠤᠨ ᠦᠷ᠎ᠡ | ᠪᠦᠲᠦᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠨᠢᠭᠲᠠ ᠬᠠᠮᠵᠢᠯᠴᠠᠨ᠂ ᠠᠵᠢᠯ ᠤᠨ | ᠬᠤᠪᠢᠶᠠᠷᠢᠯᠠᠯ ᠢᠶᠠᠨ ᠲᠣᠳᠣᠷᠬᠠᠶ ᠪᠣᠯᠭᠠᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ᠂ ᠰᠠᠶᠢᠲᠤᠷ | ᠲᠣᠬᠢᠷᠠᠭᠤᠯᠵᠤ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠦᠨᠡᠨ ᠬᠦ | ᠪᠦᠷᠢᠯᠳᠦᠭᠦᠯᠬᠦ ᠬᠡᠷᠡᠭᠲᠡᠶ᠃ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠭᠦᠢᠴᠡᠳ | ᠬᠡᠷᠡᠭᠯᠡᠨ ᠵᠥᠷᠢᠴᠡᠯ ᠢ ᠰᠢᠶᠳᠪᠦᠷᠢᠯᠡᠵᠦ᠂ ᠦᠨᠡᠨ ᠠᠴᠠ ᠵᠥᠪ ᠢ ᠡᠷᠢᠵᠦ᠂ ᠬᠠᠤᠯᠢ ᠲᠣᠭᠲᠠᠭᠠᠯ ᠰᠠᠬᠢᠯᠭ᠎ᠠ ᠪᠠᠲᠤ | ᠶᠣᠰᠣᠭᠠᠷ ᠲᠡᠦᠬᠡᠨ ᠠᠴᠠ ᠦᠯᠡᠳᠡᠭᠳᠡᠵᠦ ᠢᠷᠡᠭᠰᠡᠨ ᠪᠡᠷᠬᠡ ᠰᠡᠳᠦᠪ ᠢ ᠰᠠᠶᠢᠲᠤᠷ ᠰᠢᠶᠳᠪᠦᠷᠢᠯᠡᠬᠦ ᠬᠡᠷᠡᠭᠲᠡᠶ᠃ | ᠲᠦᠩ ᠢ᠂ ᠳ᠋ᠧᠦ ᠲᠤᠤ ᠷᠠᠨ᠂ ᠵᠠᠩ ᠱᠦᠨ ᠯᠢ᠂ ᠾᠧ ᠷᠦᠨ ᠭᠧᠨ᠂ ᠸᠠᠩ ᠬᠦᠢ ᠴᠧᠩ᠂ ᠶᠠᠩ ᠶᠦᠩ | ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠵᠢᠷᠤᠭ᠄ ᠭᠦᠸᠧ ᠸᠧᠨ ᠵᠢᠶᠧ | ᠤᠷᠴᠢᠭᠤᠯᠤᠭᠴᠢ:ᠲᠤᠶᠠᠭ᠎ᠠ | | | |