ᠺᠠᠨᠭ᠌ ᠬᠠᠢ ᠷᠦᠢ ᠬᠡᠷ ᠪᠠᠶᠢᠰᠢᠩ ᠭᠠᠵᠠᠷ ᠰᠢᠷᠣᠶ  ᠬᠥᠷᠥᠩᠭᠡ ᠶᠢᠨ ︽ᠭᠤᠷᠪᠠᠨ ᠪᠡᠷᠬᠡ︾ ᠠᠰᠠᠭᠤᠳᠠᠯ ᠢ ᠰᠢᠶᠳᠪᠦᠷᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/6
       4 ᠰᠠᠷ᠎ᠠ ᠶᠢᠨ 4᠎ ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠵᠢᠨᠢᠩ ᠲᠣᠭᠤᠷᠢᠭ ᠤᠨ ᠬᠡᠷ ᠪᠠᠶᠢᠰᠢᠩ ᠭᠠᠵᠠᠷ ᠰᠢᠷᠣᠶ  ᠬᠥᠷᠥᠩᠭᠡ ᠶᠢᠨ ︽ᠭᠤᠷᠪᠠᠨ ᠪᠡᠷᠬᠡ︾᠎  ᠠᠰᠠᠭᠤᠳᠠᠯ ᠢ ᠰᠢᠶᠳᠪᠦᠷᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠳᠡᠭᠡᠷ᠎ᠡ᠂ ᠣᠶᠢᠷ᠎ᠠ ᠶᠢᠨ ᠬᠤᠭᠤᠴᠠᠭᠠᠨ ᠳᠤ ᠬᠡᠷ ᠪᠠᠶᠢᠰᠢᠩ ᠭᠠᠵᠠᠷ ᠰᠢᠷᠣᠶ  ᠬᠥᠷᠥᠩᠭᠡ ᠶᠢᠨ ︽ᠭᠤᠷᠪᠠᠨ ᠪᠡᠷᠬᠡ︾ ᠠᠰᠠᠭᠤᠳᠠᠯ ᠢ ᠰᠢᠶᠳᠪᠦᠷᠢᠯᠡᠭᠰᠡᠨ ᠪᠦᠬᠦᠯᠢ ᠴᠣᠭᠴᠠ ᠶᠢᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠪᠡ ᠃ ᠬᠡᠷᠡᠭ ᠢ ᠳᠠᠭᠠᠭᠠᠴᠢᠯᠠᠭᠰᠠᠨ ᠡᠯ᠎ᠡ ᠤᠳᠤᠷᠢᠳᠤᠯᠭ᠎ᠠ ᠵᠢᠴᠢ ᠠᠵᠢᠯ ᠤᠨ ᠲᠤᠰᠬᠠᠶ ᠠᠩᠭᠢ ᠲᠣᠰ ᠲᠣᠰ ᠤᠨ ᠬᠡᠷᠡᠭ ᠢ ᠳᠠᠭᠠᠭᠠᠴᠢᠯᠠᠭᠰᠠᠨ ᠲᠥᠷᠥᠯ ᠵᠦᠶᠯ ᠤᠨ ᠣᠳᠣᠬᠠᠨ ᠤ ᠰᠢᠶᠳᠪᠦᠷᠢᠯᠡᠬᠦ ᠶᠢ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠪᠡᠷᠬᠡ ᠶᠢ ᠳᠠᠪᠠᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ︽ᠭᠤᠷᠪᠠᠨ ᠪᠡᠷᠬᠡ︾ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠰᠢᠶᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠣᠯᠠᠨ ᠤ ᠠᠮᠢ ᠪᠡᠶ᠎ᠡ ᠶᠢᠨ ᠠᠰᠢᠭ ᠲᠤᠰᠠ ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ᠃ ᠪᠠᠶᠢᠳᠠᠯ ᠢ ᠣᠨᠣᠪᠴᠢᠲᠠᠢ ᠣᠶᠢᠯᠠᠭᠠᠵᠤ᠂ ᠠᠰᠠᠭᠤᠳᠠᠯ ᠢ ᠡᠮᠬᠢᠯᠡᠵᠦ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠨᠡᠩ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠪᠦᠲᠦᠮᠵᠢᠲᠡᠢ ᠠᠷᠭ᠎ᠠ  ᠬᠡᠮᠵᠢᠶ᠎ᠡ ᠠᠪᠴᠤ᠂ ︽ᠨᠢᠭᠡ ᠲᠦᠷᠦᠯ ᠵᠦᠢᠯ ᠨᠢᠭᠡ ᠠᠷᠭ᠎ᠠ᠂ ᠨᠢᠭᠡ ᠠᠰᠠᠭᠤᠳᠠᠯ ᠨᠢᠭᠡ ᠠᠷᠭ᠎ᠠ ᠬᠡᠮᠵᠢᠶ᠎ᠡ︾᠎ ᠶᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠨᠢᠭᠲᠠ ᠬᠠᠮᠵᠢᠯᠴᠠᠨ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶ ᠪᠣᠯᠭᠠᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ᠂ ᠰᠠᠶᠢᠲᠤᠷ ᠲᠣᠬᠢᠷᠠᠭᠤᠯᠵᠤ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠦᠨᠡᠨ ᠬᠦ ᠪᠦᠷᠢᠯᠳᠦᠭᠦᠯᠬᠦ ᠬᠡᠷᠡᠭᠲᠡᠶ᠃ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠭᠦᠢᠴᠡᠳ ᠬᠡᠷᠡᠭᠯᠡᠨ ᠵᠥᠷᠢᠴᠡᠯ ᠢ ᠰᠢᠶᠳᠪᠦᠷᠢᠯᠡᠵᠦ᠂ ᠦᠨᠡᠨ ᠠᠴᠠ ᠵᠥᠪ ᠢ ᠡᠷᠢᠵᠦ᠂ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠲᠡᠦᠬᠡᠨ ᠠᠴᠠ ᠦᠯᠡᠳᠡᠭᠳᠡᠵᠦ ᠢᠷᠡᠭᠰᠡᠨ ᠪᠡᠷᠬᠡ ᠰᠡᠳᠦᠪ ᠢ ᠰᠠᠶᠢᠲᠤᠷ ᠰᠢᠶᠳᠪᠦᠷᠢᠯᠡᠬᠦ ᠬᠡᠷᠡᠭᠲᠡᠶ᠃      ᠲᠦᠩ ᠢ᠂ ᠳ᠋ᠧᠦ ᠲᠤᠤ ᠷᠠᠨ᠂ ᠵᠠᠩ ᠱᠦᠨ  ᠯᠢ᠂ ᠾᠧ ᠷᠦᠨ ᠭᠧᠨ᠂ ᠸᠠᠩ ᠬᠦᠢ ᠴᠧᠩ᠂ ᠶᠠᠩ ᠶᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃                        ᠵᠢᠷᠤᠭ᠄ ᠭᠦᠸᠧ ᠸᠧᠨ ᠵᠢᠶᠧ                        ᠤᠷᠴᠢᠭᠤᠯᠤᠭᠴᠢ:ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2