| ᠣᠳᠣᠬᠠᠨ ᠳᠤ᠂ ᠮᠠᠷᠢᠶᠠᠯᠠᠬᠤ ᠬᠡᠮ ᠨᠢ ᠨᠢᠭᠡᠨᠲᠡ ᠳᠡᠯᠡᠬᠡᠢ ᠶᠢᠨ ᠬᠡᠪᠴᠢᠶᠡᠨ ᠳᠠᠬᠢ ᠬᠠᠮᠤᠭ ᠤᠨ ᠬᠦᠨᠳᠦ | ᠨᠣᠴᠢᠲᠠᠢᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠤᠨ ᠨᠢᠭᠡ ᠪᠣᠯᠵᠠᠢ᠂ ᠳᠡᠯᠡᠬᠡᠢ ᠶᠢᠨ ᠮᠠᠷᠢᠶ᠎ᠠ | ᠮᠢᠬᠠᠨ ᠤ ᠨᠡᠶᠢᠭᠡᠮᠯᠢᠭ ᠦᠨᠰᠢᠨ᠎ᠡ ᠪᠠᠷ ᠨᠡᠶᠢᠲᠡᠯᠡᠭᠰᠡᠨ ︽2023 ᠣᠨ ᠤ ᠪᠥᠬᠦ ᠪᠥᠮᠪᠥᠷᠴᠡᠭ ᠤᠨ ᠮᠠᠷᠢᠶ᠎ᠠ | ᠮᠢᠬᠠᠨ ᠤ ᠭᠠᠵᠠᠷ ᠤᠨ ᠵᠢᠷᠤᠭ︾ ᠡᠴᠡᠦᠵᠡᠪᠡᠯ᠂ 2035 ᠣᠨ ᠪᠣᠯᠬᠤ ᠳᠤ᠂ ᠪᠥᠬᠦ ᠪᠥᠮᠪᠥᠷᠴᠡᠭ ᠤᠨ 40 | ᠳ᠋ᠦᠩᠰᠢᠭᠤᠷ ᠭᠠᠷᠤᠢ ᠬᠥᠮᠥᠨ ᠮᠠᠷᠢᠶᠠᠯᠢᠭ ᠪᠤᠶᠤ ᠬᠡᠳᠦᠬᠦ᠋ᠨᠳᠦ ᠳᠤ ᠲᠣᠭᠠᠴᠠᠭᠳᠠᠵᠤ᠂ ᠪᠥᠬᠦ ᠪᠥᠮᠪᠥᠷᠴᠡᠭ ᠤᠨ | ᠬᠥᠮᠥᠨ ᠠᠮᠠ ᠶᠢᠨ 51% ᠶᠢ ᠡᠵᠡᠯᠡᠬᠦ ᠪᠣᠯᠣᠨ᠎ᠠ᠃ | ᠮᠠᠷᠢᠶᠠᠯᠠᠬᠤ ᠨᠢ ᠨᠢᠭᠡᠨᠲᠡ ᠬᠦᠨᠳᠦ ᠨᠣᠴᠢᠲᠠᠢ ᠨᠡᠶᠢᠭᠡᠮ ᠤᠨ ᠴᠢᠨᠠᠷᠲᠠᠢ ᠡᠷᠡᠭᠦᠯ ᠮᠡᠨᠳᠦ ᠶᠢᠨ ᠠᠰᠠᠭᠤᠳᠠᠯ | ᠪᠣᠯᠵᠠᠢ | ᠳᠡᠯᠡᠬᠡᠢ ᠶᠢᠨ ᠬᠡᠪᠴᠢᠶᠡᠨ ᠳᠤ ᠮᠠᠷᠢᠶᠠᠯᠢᠭ ᠬᠥᠮᠥᠰ ᠤᠨ ᠣᠯᠠᠰᠢᠷᠠᠬᠤ ᠶᠢ ᠳᠠᠭᠠᠯᠳᠤᠨ᠂ ᠮᠠᠷᠢᠶᠠᠯᠠᠬᠤ ᠨᠢ | ᠨᠢᠭᠡᠨᠲᠡᠬᠦ᠋ᠨᠳᠦ ᠨᠣᠴᠢᠲᠠᠢ ᠨᠡᠶᠢᠭᠡᠮ ᠤᠨ ᠴᠢᠨᠠᠷᠲᠠᠢ ᠡᠷᠡᠭᠦᠯ ᠮᠡᠨᠳᠦ ᠶᠢᠨ ᠠᠰᠠᠭᠤᠳᠠᠯ ᠪᠣᠯᠵᠠᠢ᠃ ︽ᠳᠤᠮᠳᠠᠳᠤ | ᠤᠯᠤᠰ ᠤᠨ ᠰᠠᠭᠤᠭᠠᠯᠢᠠᠷᠠᠳ ᠤᠨ ᠰᠢᠮ᠎ᠡ ᠲᠡᠵᠢᠭᠡᠯ ᠬᠢᠭᠡᠳ ᠤᠳᠠᠭᠠᠨ ᠴᠢᠨᠠᠷᠲᠠᠢ ᠡᠪᠡᠳᠴᠢᠨ ᠤ | ᠪᠠᠶᠢᠳᠠᠯ ᠤᠨ ᠮᠡᠳᠡᠭᠦᠯᠦᠯᠲᠡ ︵2020ᠣᠨ︶︾ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠳᠤᠮᠳᠠᠳᠤ | ᠤᠯᠤᠰ ᠤᠨ ᠨᠠᠰᠤᠨ ᠳᠤ ᠭᠦᠷᠦᠭᠰᠡᠳ ᠤᠨ ᠳᠣᠲᠣᠷᠠᠬᠢᠬᠠᠭᠠᠰ ᠢᠯᠡᠭᠦᠦ ᠲᠣᠭᠠᠨ ᠤ ᠬᠥᠮᠥᠨ ᠨᠢ ᠬᠡᠳᠦ ᠬᠦᠨᠳᠦ | ᠪᠤᠶᠤ ᠮᠠᠷᠢᠶᠠᠯᠢᠭ ᠪᠠᠶᠢᠨ᠎ᠠ᠂ ᠨᠠᠰᠤᠨ ᠳᠤ ᠭᠦᠷᠦᠭᠰᠡᠨ ᠰᠠᠭᠤᠭᠠᠯᠢᠴᠤᠳᠤᠨ ᠬᠡᠳᠦ ᠬᠦᠨᠳᠦ ᠪᠣᠯᠣᠭᠰᠠᠨ ᠨᠣᠷᠮ᠎ᠠ ᠨᠢ | 34.3%᠂ ᠮᠠᠷᠢᠶᠠᠯᠠᠭᠰᠠᠨ ᠨᠣᠷᠮ᠎ᠠ ᠨᠢ 16.4% ᠪᠣᠯᠣᠨ᠎ᠠ᠃ ᠮᠠᠷᠢᠶ᠎ᠠ ᠮᠢᠬᠠᠬᠢᠭᠡᠳ ᠡᠷᠡᠭᠦᠯ ᠮᠡᠨᠳᠦ ᠶᠢᠨ | ᠬᠠᠷᠢᠴᠠᠭ᠎ᠠ ᠨᠢ ᠮᠠᠰᠢ ᠨᠢᠭᠲᠠ ᠪᠠᠶᠢᠳᠠᠭ᠂ ᠮᠠᠷᠢᠶᠠᠯᠠᠬᠤ ᠨᠢ ᠴᠢᠰᠤᠨ ᠳᠠᠷᠤᠯᠲᠠ ᠥᠨᠳᠥᠷ᠂ ᠴᠢᠰᠤᠨᠥᠭᠡᠬᠦ ᠦᠨᠳᠦᠷ᠂ | ᠰᠢᠬᠢᠷ ᠰᠢᠵᠢᠩ ᠡᠪᠡᠳᠴᠢᠨ᠂ ᠲᠤᠯᠠᠢ ᠡᠪᠡᠳᠴᠢᠨ᠂ ᠰᠢᠭᠡᠰᠦᠨ ᠬᠦᠴᠢᠯ ᠥᠨᠳᠥᠷ ᠠᠴᠠ ᠪᠣᠯᠣᠭᠰᠠᠨᠴᠢᠰᠤᠨ | ᠬᠡᠮ᠂ ᠥᠭᠡᠬᠦᠯᠡᠭᠰᠡᠨ ᠡᠯᠢᠭᠡ ᠵᠡᠷᠭᠡ ᠡᠪᠡᠳᠴᠢᠨ ᠢ ᠡᠭᠦᠰᠬᠡᠨ᠎ᠡ᠃ | ᠳᠤᠮᠳᠠᠳᠤ ᠤᠯᠤᠰ ᠤᠨ ᠡᠮᠴᠢ ᠨᠠᠷ ᠤᠨ ᠨᠡᠶᠢᠭᠡᠮᠯᠢᠭ ᠤᠨ ᠭᠠᠳᠠᠷ ᠰᠠᠯᠠᠭᠠᠨ ᠤ ᠡᠮᠴᠢ ᠨᠠᠷ ᠤᠨ | ᠬᠤᠪᠢᠶᠠᠷᠢ ᠨᠡᠶᠢᠭᠡᠮᠯᠢᠭ ᠤᠨ ᠭᠡᠰᠢᠭᠦᠨ ᠵᠠᠩ ᠨᠧᠩ ᠸᠧᠢ ᠬᠡᠯᠡᠬᠦ ᠳᠡᠭᠡᠨ᠄ ᠮᠠᠷᠢᠶ᠎ᠠ ᠲᠠᠢ ᠭᠡᠳᠡᠭ ᠨᠢ ᠥᠭᠡᠬᠦ | ᠬᠡᠲᠦᠷᠬᠡᠢ ᠬᠤᠷᠠᠭᠰᠠᠨ ᠡᠴᠠᠪᠣᠯᠵᠠᠢ᠃ ᠥᠭᠡᠬᠦ ᠪᠣᠯ ᠪᠡᠶ᠎ᠡ ᠶᠢᠨ ᠳᠣᠲᠣᠷᠠᠬᠢ ᠬᠠᠮᠤᠭ ᠤᠨ ᠲᠣᠮᠣ ᠰᠢᠭᠦᠷᠡᠭᠦᠯᠬᠦ | ᠡᠷᠬᠡᠲᠡᠨ ᠮᠥᠨ᠂ ᠲᠡᠷᠡ ᠨᠢ ᠮᠠᠰᠢ ᠣᠯᠠᠨᠬᠤᠷᠮᠣᠨ ᠰᠢᠭᠦᠷᠡᠭᠦᠯᠳᠡᠭ᠃ ᠡᠨᠡ ᠬᠦ ᠥᠭᠡᠬᠦ ᠨᠢ ᠬᠡᠪ ᠤᠨ | ᠬᠡᠮᠵᠢᠶ᠎ᠡ ᠠᠴᠠ ᠬᠡᠲᠦᠷᠡᠬᠦ ᠦᠶ᠎ᠡ ᠳᠤ᠂ ᠰᠢᠭᠦᠷᠡᠭᠦᠯᠬᠦ ᠬᠤᠷᠮᠣᠨ ᠨᠢᠲ᠋ᠤᠶᠢᠯ ᠤᠨ ᠠᠶᠤᠮᠰᠢᠭᠲᠠᠢ ᠪᠣᠯᠳᠠᠭ᠂ ᠬᠠᠮᠤᠭ ᠤᠨ | ᠰᠠᠶᠢᠨ ᠮᠡᠳᠡᠳᠡᠭ ᠨᠢ ᠢᠨᠰᠦᠯᠢᠨ ᠤ ᠡᠰᠡᠷᠭᠦᠴᠡᠯ ᠪᠣᠯᠣᠨ᠎ᠠ᠂ ᠲᠡᠷᠡ ᠨᠢᠢᠨᠰᠦᠯᠢᠨ ᠤ ᠠᠵᠢᠯᠯᠠᠭ᠎ᠠ ᠶᠢ ᠶᠡᠭᠡ ᠪᠠᠷ | ᠪᠠᠭᠤᠷᠠᠭᠤᠯᠤᠨ᠎ᠠ᠂ ᠡᠨᠡ ᠪᠣᠯ ᠳᠠᠷᠤᠢ ᠰᠢᠬᠢᠷ ᠰᠢᠵᠢᠩ ᠡᠪᠡᠳᠴᠢᠨ ᠤ ᠢᠷᠡᠯᠲᠡᠪᠣᠯᠣᠨᠠ᠃ ᠬᠡᠯᠡᠯᠭᠡᠨ ᠦᠭᠡᠢ | ᠲᠡᠷᠡ ᠨᠢ ᠪᠠᠰᠠ ᠪᠤᠰᠤᠳ ᠬᠤᠷᠮᠣᠨ ᠢ ᠰᠢᠭᠦᠷᠡᠭᠦᠯᠳᠡᠭ᠂ ᠵᠢᠱᠢᠶᠡᠯᠡᠪᠡᠯ ᠪᠡᠯᠭᠡ ᠶᠢᠨ ᠬᠤᠷᠮᠣᠨ ᠢᠰᠢᠭᠦᠷᠡᠭᠦᠯᠵᠦ᠂ | ᠪᠡᠯᠭᠡ ᠶᠢᠨ ᠬᠤᠷᠮᠣᠨ ᠤ ᠰᠣᠯᠢᠯᠴᠠᠭ᠎ᠠ ᠶᠢ ᠬᠠᠷᠰᠢᠯᠠᠳᠠᠭ᠃ ᠡᠭᠦᠨ ᠠᠴᠠ ᠪᠣᠯᠵᠤ ᠡᠷᠡᠭᠲᠡᠢ | ᠬᠥᠮᠥᠨ ᠦᠪᠣᠶᠢᠵᠢᠯᠲᠠ ᠨᠢ ᠠᠰᠠᠭᠤᠳᠠᠯ ᠲᠠᠢ᠂ ᠡᠮᠡᠭᠲᠡᠢ ᠬᠥᠮᠥᠨ ᠣᠯᠠᠨ ᠤᠭᠤᠲᠠᠲᠤ ᠥᠨᠳᠡᠭᠡᠪᠴᠢ ᠲᠠᠢ᠂ ᠰᠠᠷ᠎ᠠ ᠶᠢᠨ | ᠭᠬᠢᠷ ᠲᠡᠭᠰᠢ ᠦᠭᠡᠢᠵᠡᠷᠭᠡ ᠠᠰᠠᠭᠤᠳᠠᠯ ᠪᠤᠢ ᠪᠣᠯᠳᠠᠭ᠃ ᠪᠠᠰᠠ ᠰᠠᠪᠠ ᠶᠢᠨ ᠳᠣᠲᠣᠷ ᠪᠦᠷᠬᠦᠪᠴᠢ ᠶᠢᠨ | ᠥᠮᠡᠨ ᠳᠤ ᠨᠡᠷᠪᠡᠭᠳᠡᠬᠦ ᠨᠤᠷᠮ᠎ᠠ ᠨᠢ ᠨᠡᠮᠡᠭᠳᠡᠳᠡᠭ᠃ ᠬᠡᠦᠬᠡᠳ ᠤᠨ ᠮᠠᠷᠢᠶᠠᠯᠠᠬᠤ ᠨᠣᠷᠮ᠎ᠠ ᠲᠠᠰᠤᠷᠠᠯᠲᠠ | ᠦᠭᠡᠢ ᠳᠡᠭᠡᠭᠰᠢᠯᠡᠵᠦ ᠪᠠᠶᠢᠨ᠎ᠠ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠪᠥᠬᠦ ᠳᠡᠯᠡᠬᠡᠢ ᠶᠢᠨ | ᠨᠠᠰᠤᠨ ᠳᠤ ᠬᠦᠷᠦᠭᠰᠡᠨ ᠲᠠᠪᠤᠨ ᠬᠦᠮᠦᠨ ᠤᠲ᠋ᠣᠲᠣᠷᠠ ᠠᠴᠠ ᠨᠠᠭᠠᠲᠤ ᠵᠠᠬ᠎ᠠ ᠳᠠᠭᠠᠨ ᠬᠤᠶᠠᠷ ᠬᠥᠮᠥᠨ ᠬᠡᠲᠦ | ᠬᠦᠨᠳᠦ ᠪᠤᠶᠤ ᠮᠠᠷᠢᠶᠠᠯᠠᠬᠤ ᠶᠢᠨ ᠭᠠᠴᠢᠭᠳᠠᠯ ᠳᠤ ᠤᠴᠠᠷᠠᠵᠤᠪᠠᠶᠢᠨᠠ᠂ ᠡᠭᠦᠨ ᠤ ᠵᠡᠷᠭᠡ ᠳᠤ ᠬᠡᠦᠬᠡᠳ ᠪᠠ | ᠵᠠᠯᠠᠭᠤᠴᠤᠳ ᠪᠠᠭᠠᠴᠤᠳ ᠤᠨ ᠬᠡᠳᠦ ᠬᠦᠨᠳᠦ ᠪᠣᠯᠬᠤ ᠪᠠ ᠮᠠᠷᠢᠶᠠᠯᠠᠬᠤ ᠠᠰᠠᠭᠤᠳᠠᠯᠴᠤ ᠡᠳᠦᠷ ᠢᠷᠡᠬᠦᠶ᠎ᠡ ᠬᠦᠨᠳᠦ | ᠨᠣᠴᠢᠲᠠᠢ ᠪᠣᠯᠵᠤ᠂ ᠬᠤᠶᠢᠴᠢ ᠦᠶ᠎ᠡ ᠶᠢᠨ ᠬᠢᠨ ᠤ ᠡᠷᠡᠭᠦᠯ ᠢᠶᠠᠷ ᠦᠰᠦᠨ ᠪᠣᠶᠢᠵᠢᠬᠤ ᠵᠢᠨᠥ᠋ᠯᠥᠭᠡᠯᠡᠵᠦ | ᠪᠠᠶᠢᠨ᠎ᠠ᠃ | ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠰᠢᠮ᠎ᠡ ᠲᠡᠵᠢᠭᠡᠯ ᠬᠢᠭᠡᠳ ᠤᠳᠠᠭᠠᠨ ᠴᠢᠨᠠᠷᠲᠠᠢ | ᠡᠪᠡᠳᠴᠢᠨ ᠦᠪᠠᠶᠢᠳᠠᠯ ᠤᠨ ᠮᠡᠳᠡᠭᠦᠯᠦᠯᠲᠡ ︵2020 ᠣᠨ︶︾ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ | ᠮᠠᠨ ᠤ ᠤᠯᠤᠰ ᠲᠤ᠋ᠨᠢᠭᠡᠨᠲᠡ 50% ᠠᠴᠠ ᠳᠡᠭᠡᠭᠰᠢᠬᠢ ᠨᠠᠰᠤᠨ ᠳᠤ ᠭᠦᠷᠦᠭᠰᠡᠳ ᠪᠠ 20% ᠶᠢᠨ ᠰᠤᠷᠬᠤ | ᠨᠠᠰᠤᠨ ᠤ ᠬᠡᠦᠬᠡᠳ ᠬᠡᠳᠦ ᠬᠦᠨᠳᠦᠪᠤᠶᠤ ᠮᠠᠷᠢᠶᠠᠯᠢᠭ ᠪᠠᠶᠢᠨ᠎ᠠ᠂ ᠡᠭᠦᠨ ᠳᠤ 6 ᠨᠠᠰᠤᠨ ᠠᠴᠠ ᠳᠣᠷᠣᠭᠰᠢᠬᠢ | ᠬᠡᠦᠬᠡᠳ ᠤᠨ ᠡᠵᠡᠯᠡᠬᠦ ᠬᠠᠷᠢᠴᠠᠯ 10% ᠳᠤ ᠬᠦᠷᠴᠦ᠂ᠨᠢᠭᠡᠨᠲᠡ ᠮᠠᠨ ᠤ ᠤᠯᠤᠰ ᠤᠨ ᠬᠡᠦᠬᠡᠳ ᠪᠠᠭᠠᠴᠤᠳ ᠤᠨ | ᠪᠡᠶ᠎ᠡ ᠰᠡᠳᠬᠢᠯ ᠤᠨ ᠡᠷᠡᠭᠦᠯ ᠮᠡᠨᠳᠦ ᠶᠢ ᠰᠦᠷᠳᠡᠭᠦᠯᠵᠦ ᠪᠠᠶᠢᠭ᠎ᠠ ᠣᠯᠠᠨᠨᠡᠶᠢᠲᠡ ᠶᠢᠨ ᠡᠷᠡᠭᠦᠯ ᠬᠠᠮᠠᠭᠠᠯᠠᠯ ᠤᠨ | ᠴᠢᠬᠤᠯᠠ ᠠᠰᠠᠭᠤᠳᠠᠯ ᠪᠣᠯᠤᠭᠰᠠᠨ ᠪᠠᠶᠢᠨ᠎ᠠ᠃ ᠲᠤᠰᠬᠠᠢ ᠮᠡᠷᠭᠡᠵᠢᠯᠲᠡᠨ ᠤ ᠵᠢᠭᠠᠵᠤᠭᠠᠷᠭᠠᠭᠰᠠᠨ ᠢᠶᠠᠷ᠂ ᠬᠡᠦᠬᠡᠳ | ᠪᠠᠭᠠᠴᠤᠳ ᠤᠨ ᠬᠤᠭᠤᠴᠠᠭᠠᠨ ᠤ ᠬᠡᠲᠦ ᠬᠦᠨᠳᠦ ᠪᠠ ᠮᠠᠷᠢᠶᠠᠯᠢᠭ ᠤᠨ ᠨᠡᠮᠡᠭᠳᠡᠯ ᠤᠨ ᠬᠠᠨᠳᠤᠰᠢ ᠵᠢᠪᠦ᠋ᠲᠦᠮᠵᠢᠲᠡᠢ | ᠬᠤᠷᠢᠭᠯᠠᠵᠤ ᠳᠡᠶᠢᠯᠬᠦ ᠦᠭᠡᠢ ᠪᠣᠯ ᠮᠠᠨ ᠤ ᠤᠯᠤᠰ ᠤᠨ ᠵᠠᠯᠠᠭᠤ ᠨᠢᠭᠡ ᠦᠶ᠎ᠡ ᠶᠢᠨ ᠬᠢᠨ ᠤ ᠡᠷᠡᠭᠦᠯ | ᠮᠡᠨᠳᠦ ᠵᠢᠨᠲ᠋ᠦ᠋ᠪᠰᠢᠨ ᠢ ᠲᠤᠶᠢᠯ ᠤᠨ ᠶᠡᠭᠡ ᠪᠠᠷ ᠨᠥᠯᠥᠭᠡᠯᠡᠬᠦ ᠪᠣᠯᠣᠨ᠎ᠠ᠃ | ᠳᠤᠮᠳᠠᠳᠤ ᠤᠯᠤᠰ ᠤᠨ ᠡᠮᠴᠢ ᠶᠢᠨ ᠨᠡᠶᠢᠭᠡᠮᠯᠢᠭ ᠤᠨ ᠭᠠᠳᠠᠷ ᠰᠠᠯᠠᠭᠠᠨ ᠤ ᠡᠮᠴᠢ ᠶᠢᠨ ᠬᠤᠪᠢᠶᠠᠷᠢ | ᠨᠡᠶᠢᠭᠡᠮᠯᠢᠭ ᠦᠨᠭᠡᠰᠢᠭᠦᠨ ᠵᠠᠩ ᠨᠧᠩ ᠸᠧᠢ ᠬᠡᠯᠡᠬᠦ ᠳᠤ ᠪᠠᠨ᠄ ᠬᠡᠷᠪᠡ ᠬᠡᠦᠬᠡᠳ ᠤᠨ ᠪᠡᠶ᠎ᠡ ᠶᠢᠨ ᠬᠦᠨᠳᠦ ᠨᠢ ᠨᠡᠮᠡᠭᠳᠡᠵᠦ᠂ | ᠮᠠᠷᠢᠶᠠᠯᠠᠬᠤ ᠡᠯᠧᠮᠧᠨ᠋ᠲᠨᠢ ᠨᠡᠮᠡᠭᠳᠡᠪᠡᠯ᠂ ᠲᠡᠭᠦᠨ ᠤ ᠢᠷᠡᠭᠡᠳᠦᠢ ᠳᠤ ᠵᠢᠷᠦᠬᠡ ᠴᠢᠰᠤᠨ ᠰᠤᠳᠠᠯ ᠤᠨ | ᠡᠪᠡᠳᠴᠢᠨ ᠡᠭᠦᠰᠬᠦ ᠲᠣᠬᠢᠶᠠᠯᠳᠤᠮᠵᠢ ᠨᠢᠰᠡᠭᠦᠯᠴᠢ ᠶᠢᠨ ᠬᠤᠭᠤᠴᠠᠭᠠᠨ ᠳᠤ ᠮᠠᠷᠢᠶᠠᠯᠠᠭᠰᠠᠨ ᠠᠴᠠ ᠪᠣᠯᠵᠤ | ᠡᠭᠦᠰᠬᠦ ᠠᠴᠠ ᠨᠡᠩ ᠢᠯᠡᠭᠦᠦ ᠬᠦᠨᠳᠦ ᠨᠤᠴᠢᠲᠠᠢ ᠪᠣᠯᠣᠨ᠎ᠠ᠂ᠡᠶᠢᠮᠦ ᠠᠴᠠ ᠣᠳᠣ ᠶᠢᠨ ᠬᠡᠦᠬᠡᠳ ᠤᠨ | ᠮᠠᠷᠢᠶᠠᠯᠠᠬᠤ ᠠᠰᠠᠭᠤᠳᠠᠯ ᠨᠢ ᠪᠢᠳᠡᠨ ᠳᠤ ᠠᠪᠴᠤ ᠬᠡᠯᠡᠪᠡᠯ᠂ ᠨᠠᠰᠤᠨ ᠳ᠋ᠤ᠋ᠬᠦ᠋ᠷᠦᠭᠰᠡᠳ ᠤᠨ ᠮᠠᠷᠢᠶᠠᠯᠠᠬᠤ | ᠠᠰᠠᠭᠤᠳᠠᠯ ᠠᠴᠠ ᠨᠡᠩ ᠢᠯᠡᠭᠦᠦ ᠠᠩᠬᠠᠷᠤᠭᠤᠰᠢᠲᠠᠢ ᠪᠣᠯᠬᠤ ᠪᠠᠷ ᠪᠠᠷᠠᠬᠤ ᠦᠭᠡᠢ ᠤᠷᠢᠳ ᠵᠶ᠋ᠠᠷᠰᠡᠷᠭᠡᠶᠢᠯᠡᠪᠡᠯ | ᠵᠣᠬᠢᠨ᠎ᠠ᠃ | ᠰᠢᠨᠵᠢᠯᠡᠬᠦ ᠤᠬᠠᠭᠠᠨᠴᠢ ᠪᠠᠷ ᠮᠠᠷᠢᠶ᠎ᠠ ᠰᠢᠭᠤᠷᠠᠭᠤᠯᠤᠨ᠂ ᠪᠡᠶ᠎ᠡ ᠶᠢᠨ ᠬᠦᠨᠳᠦ ᠪᠠᠨ ᠪᠠᠭᠤᠷᠠᠭᠤᠯᠬᠤ ᠶᠢ | ᠵᠢᠷᠤᠮᠵᠢᠭᠤᠯᠵᠤᠡᠷᠡᠬᠦᠯ ᠡᠩᠬᠡ ᠠᠮᠢᠲᠤᠷᠠᠯ ᠡᠳ᠋ᠯᠡᠶ᠎ᠡ ᠣᠯᠠᠨ ᠲᠦᠮᠡᠨᠰᠢᠨᠵᠢᠯᠡᠬᠦ ᠤᠬᠠᠭᠠᠨᠴᠢ ᠣᠪᠣᠷ ᠢᠶᠠᠷ ᠮᠠᠷᠢᠶᠠᠯᠠᠬᠤ | ᠠᠰᠠᠭᠤᠳᠠᠯ ᠳᠤ ᠵᠥᠪ ᠢᠶᠠᠷ ᠬᠠᠨᠳᠤᠬᠤ ᠬᠡᠷᠡᠭᠲᠡᠢ᠂ᠰᠦᠷᠡᠬᠡᠢ ᠮᠠᠷᠢᠶᠠᠯᠠᠬᠤ ᠪᠣᠯ ᠨᠢᠭᠡ ᠵᠦᠢᠯ ᠤᠨ ᠤᠳᠠᠭᠠᠨ | ᠴᠢᠨᠠᠷᠲᠠᠢ ᠡᠪᠡᠳᠴᠢᠨ ᠮᠥᠨ ᠪᠣᠯᠬᠤᠷ ᠢᠳᠡᠪᠬᠢᠲᠡᠢ ᠪᠠᠷ ᠭᠠᠷ ᠲᠦᠷᠦᠭᠦᠬᠡᠷᠡᠭᠲᠡᠢ ᠭᠡᠵᠦ ᠲᠤᠰᠬᠠᠢ ᠮᠡᠷᠭᠡᠵᠢᠯᠲᠡᠳ | ᠤᠷᠢᠶᠠᠯᠠᠵᠤ ᠪᠠᠶᠢᠨ᠎ᠠ᠃ ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠢᠳᠡᠭᠡᠨᠤᠮᠳᠠᠭᠠᠨ ᠢᠶᠠᠨ ᠬᠢᠵᠠᠭᠠᠷᠯᠠᠨ᠂ | ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠨ ᠨᠡᠮᠡᠭᠳᠡᠭᠦᠯᠵᠦ᠂ ᠰᠠᠶᠢᠨ ᠰᠠᠶᠢᠬᠠᠨ ᠠᠮᠢᠳᠤᠷᠠᠯ ᠤᠨᠲ᠋ᠠᠳᠬᠠᠯ ᠢᠶᠠᠨ | ᠬᠠᠳᠠᠭᠠᠯᠠᠬᠤ ᠪᠣᠯ ᠮᠠᠷᠢᠶ᠎ᠠ ᠰᠢᠭᠤᠷᠠᠭᠤᠯᠬᠤ ᠶᠢᠨ ᠵᠠᠩᠭᠢᠯᠠᠭ᠎ᠠ ᠮᠥᠨ᠃ | ᠳᠤᠮᠳᠠᠳᠤ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠳᠣᠲᠣᠭᠠᠳᠤ ᠰᠢᠭᠦᠷᠡᠯ ᠤᠨ ᠤᠬᠠᠭᠠᠨ ᠤ | ᠬᠤᠪᠢᠶᠠᠷᠢ ᠨᠡᠶᠢᠭᠡᠮᠯᠢᠭ ᠤᠨ ᠭᠡᠰᠢᠭᠦᠨ ᠬᠥ᠋ ᠸᠧᠢ ᠵᠢᠶᠦ᠋ᠨ ᠬᠡᠯᠡᠬᠦ ᠳᠤ ᠪᠠᠨ᠄ ᠵᠢᠱᠢᠶᠡᠯᠡᠪᠡᠯ᠂ ᠪᠦᠬᠦᠯᠢ ᠡᠳᠦᠷ ᠤᠨ | ᠡᠨᠧᠷᠭᠢ ᠶᠢᠨ ᠬᠡᠮᠵᠢᠶ᠎ᠡ ᠵᠢᠬᠢᠵᠠᠭᠠᠷᠯᠠᠬᠤ ᠳᠤ ᠨᠠᠭᠠᠲᠤ ᠵᠠᠬ᠎ᠠ ᠳᠠᠭᠠᠨ 1000 ᠺᠠᠯᠤᠷᠢ ᠳᠣᠲᠣᠷ᠎ᠠ ᠬᠢᠵᠠᠭᠠᠷᠯᠠᠨ᠎ᠠ᠂ | ᠶᠠᠷᠢᠶᠠᠨ ᠦᠭᠡᠢ ᠪᠢᠳᠡ ᠪᠠᠰᠠᠲ᠋ᠤᠶᠢᠯ ᠤᠨ ᠳᠣᠣᠷ᠎ᠠ ᠡᠨᠧᠷᠭᠢ ᠶᠢᠨ ᠬᠡᠮᠵᠢᠶ᠎ᠡ ᠶᠢ ᠰᠠᠨᠠᠭᠠᠴᠢᠯᠠᠬᠤ ᠦᠭᠡᠢ᠃ | ᠡᠭᠦᠨ ᠠᠴᠠ ᠭᠠᠳᠠᠨ᠎ᠠ᠂ ᠢᠳᠡᠭᠡᠨ ᠤᠮᠳᠠᠭᠠᠨ ᠤᠲ᠋ᠦ᠋ᠷᠦᠯ ᠵᠦᠢᠯ ᠤᠨ ᠲᠠᠯ᠎ᠠ ᠪᠠᠷ᠂ ᠪᠢᠳᠡ ᠰᠢᠮ᠎ᠡ ᠲᠡᠵᠢᠭᠡᠯ ᠢ | ᠲᠡᠩᠴᠡᠭᠦᠷᠢᠲᠡᠢ ᠪᠠᠶᠢᠯᠭᠠᠬᠤ ᠶᠢ ᠰᠠᠨᠠᠭᠠᠴᠢᠯᠠᠨ᠎ᠠ᠂ ᠵᠠᠷᠴᠢᠮᠲ᠋ᠡᠭᠡᠷᠡ ᠪᠠᠨ ᠳᠠᠪᠤᠰᠤ ᠪᠠᠭ᠎ᠠ᠂ ᠥᠭᠡᠬᠦ ᠪᠠᠭ᠎ᠠ᠂ ᠰᠢᠬᠢᠷ | ᠪᠠᠭ᠎ᠠ᠂ ᠵᠢᠮ᠎ᠡ ᠶᠣᠰᠣ ᠲᠠᠢ ᠢᠳᠡᠭᠡᠨ ᠤᠮᠳᠠᠭᠠᠨ ᠤ ᠵᠣᠷᠰᠢᠯ ᠢᠰᠠᠨᠠᠭᠠᠴᠢᠯᠠᠨᠠ᠂ ᠬᠡᠲᠦᠷᠡᠲᠡᠯ᠎ᠡ ᠢᠳᠡᠵᠦ | ᠤᠤᠭᠤᠬᠤ ᠶᠢ ᠰᠠᠨᠠᠭᠠᠴᠢᠯᠠᠬᠤ ᠦᠭᠡᠢ᠃ ᠤᠷᠲᠤ ᠬᠤᠭᠤᠴᠠᠭ᠎ᠠ ᠪᠠᠷ ᠵᠣᠬᠢᠰᠲᠠᠢᠬᠥ᠋ᠳᠡᠯᠭᠡᠭᠡᠨ ᠬᠢᠬᠦ ᠶᠢ | ᠪᠠᠷᠢᠮᠲᠠᠯᠠᠬᠤ ᠬᠡᠷᠡᠭᠲᠡᠢ᠂ ᠵᠢᠱᠢᠶᠡᠯᠡᠪᠡᠯ ᠭᠠᠷᠠᠭ ᠪᠦᠷᠢ ᠠᠳᠠᠭ ᠲᠤ ᠪᠠᠨ ᠭᠤᠷᠪᠠ ᠤᠳᠠᠭ᠎ᠠ ᠬᠥᠳᠡᠯᠭᠡᠭᠡᠨ ᠬᠢᠬᠦ | ᠬᠡᠷᠡᠭᠲᠡᠢ᠂ ᠤᠳᠠᠭ᠎ᠠ ᠪᠦᠷᠢ ᠶᠢᠨ ᠬᠥᠳᠡᠯᠭᠡᠭᠡᠨ ᠨᠢ ᠪᠠᠷᠤᠭ ᠬᠠᠭᠠᠰ ᠴᠠᠭ ᠠᠴᠠ 150 ᠮᠢᠨᠦ᠋ᠲ ᠤᠨ | ᠲᠤᠲᠤᠷᠠᠥᠪᠡᠷ ᠤᠨ ᠪᠡᠶ᠎ᠡ ᠳᠡᠭᠡᠨ ᠲᠣᠬᠢᠷᠠᠭᠰᠠᠨ ᠬᠥᠳᠡᠯᠭᠡᠭᠡᠨ ᠤ ᠬᠡᠯᠪᠡᠷᠢ ᠶᠢ ᠠᠪᠴᠤ ᠪᠣᠯᠣᠨ᠎ᠠ᠂ ᠠᠯᠬᠤᠬᠤ᠂ | ᠭᠦᠶᠦᠬᠦ᠂ ᠤᠮᠪᠠᠭ᠋ᠤ ᠪᠤᠶᠤᠰᠠᠭᠰᠤᠨ ᠪᠥᠮᠪᠦᠭᠡ ᠨᠠᠭᠠᠳᠬᠤ᠂ ᠥᠳᠥᠨ ᠪᠥᠮᠪᠦᠭᠡ ᠨᠠᠭᠠᠳᠬᠤ ᠵᠡᠷᠭᠡ ᠨᠢ ᠪᠦᠷ ᠪᠣᠯᠣᠨ᠎ᠠ᠃ | | ᠢᠷᠡᠯᠲᠡ᠄ ᠠᠷᠠᠳ ᠤᠨ ᠰᠦᠯᠵᠢᠶ᠎ᠡ | |