ᠵᠠᠩ ᠶᠦᠩ ᠸᠧᠨ ᠮᠠᠨ ᠤ ᠲᠤᠭᠤᠷᠢᠭ ᠤᠨ ᠬᠤᠳᠠᠯᠳᠤᠭᠠᠨ ᠤ ᠡᠵᠡᠩᠨᠡᠯᠲᠡ ᠪᠠ ᠵᠠᠬ᠎ᠠ ᠳᠡᠯᠭᠡᠭᠦᠷ ᠤᠨ ᠬᠡᠷᠡᠭᠯᠡᠭᠡ ᠶᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/17
677470.jpg    
     5 ᠰᠠᠷ᠎ᠠ ᠶᠢᠨ 16᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠵᠢᠨᠢᠩ ᠵᠠᠮ ᠤᠨ ᠢᠳᠡᠭᠡᠨ ᠤ ᠵᠡᠭᠡᠯᠢ᠂ ᠠᠷᠠᠰᠤ ᠰᠢᠷᠢ ᠶᠢᠨ ᠬᠤᠲᠠ ᠂ ᠡᠷᠲᠡᠨ ᠤ ᠬᠤᠲᠠ ᠵᠡᠷᠭᠡ ᠭᠠᠵᠠᠷ ᠢᠶᠠᠷ ᠭᠦᠨᠵᠡᠭᠡᠶᠢᠷᠡᠨ ᠂ ᠬᠤᠳᠠᠯᠳᠤᠭᠠᠨ ᠤ ᠡᠵᠡᠩᠨᠡᠯᠲᠡ ᠪᠠ ᠵᠠᠬ᠎ᠠ ᠳᠡᠯᠭᠡᠭᠦᠷ ᠤᠨ ᠬᠡᠷᠡᠭᠯᠡᠭᠡ ᠶᠢ ᠠᠬᠢᠭᠤᠯᠤᠭᠰᠠᠨ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠪᠠ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃        ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ᠂ ᠵᠠᠩ ᡁᠢ ᠷᠦᠩ᠂ ᠱᠢ ᠭᠤᠸᠠᠩ ᠵᠢᠴᠢ ᠬᠤᠳᠠ᠂ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠪᠤᠶᠤ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃       ᠵᠠᠩ ᠶᠦᠩ ᠸᠧᠨ ᠵᠢᠨᠢᠩ ᠵᠠᠮ ᠤᠨ ᠢᠳᠡᠭᠡᠨ ᠤ ᠵᠡᠭᠡᠯᠢ᠂ ᠠᠷᠠᠰᠤ ᠰᠢᠷᠢ ᠶᠢᠨ ᠬᠤᠳᠠ ᠶᠢᠨ ᠡᠷᠲᠡᠨ ᠤ ᠬᠤᠳᠠ᠂ ᠵᠢᠨᠢᠩ  ᠤᠯᠠᠨ ᠤᠯᠤᠰ ᠤᠨ ᠠᠷᠠᠰᠤ ᠰᠢᠷᠢ ᠶᠢᠨ ᠬᠤᠳᠠ ᠵᠡᠷᠭᠡ ᠭᠠᠵᠠᠷ ᠲᠤ ᠬᠦᠷᠴᠦ᠂  ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ  ᠰᠠᠨᠠᠯ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠤᠭᠠᠨ ᠤ ᠡᠵᠡᠩᠨᠡᠯᠲᠡ᠂ ᠬᠥᠭᠵᠢᠯᠲᠡ ᠶᠢᠨ ᠦᠷ᠎ᠡ ᠪᠦᠲᠦᠮᠵᠢ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠲᠦᠷᠦᠯ ᠵᠦᠢᠯ ᠢ ᠳᠡᠭᠡᠭᠰᠢᠯᠡᠭᠦᠯᠦᠨ ᠥᠭᠡᠷᠡᠴᠢᠯᠡᠬᠦ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠢ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠪᠡ᠃      ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠷᠠᠰᠤ ᠰᠢᠷᠢ ᠶᠢᠨ ᠬᠤᠳᠠ ᠶᠢᠨ ᠡᠷᠲᠡᠨ ᠤ ᠬᠤᠳᠠ᠂ ᠴᠠᠬᠠᠷ ᠡᠷᠲᠡᠨ ᠤ ᠬᠤᠳᠠ ᠵᠡᠷᠭᠡ ᠲᠦᠷᠦᠯ ᠵᠦᠢᠯ ᠢ ᠠᠮᠢᠯᠠᠭᠤᠯᠬᠤ ᠪᠠ ᠠᠷᠠᠰᠤ ᠰᠢᠷᠢ ᠶᠢᠨ ᠬᠤᠳᠠ ᠶᠢᠨ ᠡᠵᠡᠩᠨᠡᠯᠲᠡ ᠬᠥᠭᠵᠢᠯᠲᠡ ᠶᠢ ᠠᠬᠢᠭᠤᠯᠬᠤ ᠲᠤᠬᠠᠢ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠤᠭᠰᠠᠨ ᠪᠥᠭᠡᠳ ᠣᠳᠣᠬᠢ ᠱᠠᠲᠤᠨ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠡᠳᠬᠢᠴᠡ ᠶᠢᠨ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ ︽ᠣᠨᠴᠠᠯᠢᠭ︾᠎ ᠤᠨ ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ︽ᠭᠤᠤᠯ ᠠᠵᠢᠯ ᠲᠥᠷᠥᠯ ᠪᠣᠯᠭᠠᠬᠤ︾ ︽ᠵᠦᠷᠢᠶᠡᠵᠢᠬᠦᠯᠬᠦ︾ ᠬᠥᠭᠵᠢᠯᠲᠡ ᠶᠢᠨ ᠴᠢᠭᠯᠡᠯ ᠶᠣᠰᠣᠭᠠᠷ᠂ ᠤᠨᠴᠠᠯᠢᠬᠳᠤ ᠵᠡᠭᠡᠯᠢ ᠲᠣᠭᠤᠷᠢᠭ ᠤᠨ ᠲᠠᠲᠠᠬᠤ ᠬᠦᠴᠦᠨ ᠪᠠ ᠳᠠᠶᠢᠴᠢᠯᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠳᠤ ᠰᠢᠭᠤᠳ ᠬᠠᠨᠳᠤᠬᠤ ᠶᠢᠨ ᠬᠠᠮᠲᠤ ᠨᠢᠭᠡᠳᠦᠯᠲᠡᠢ ᠲᠥᠯᠥᠪᠵᠢᠭᠦᠯᠵᠦ᠂ ᠠᠯᠬᠤᠮ ᠬᠤᠪᠢᠶᠠᠨ ᠬᠡᠷᠡᠭᠵᠢᠭᠦᠯᠵᠦ᠂ ᠠᠷᠠᠰᠤ ᠰᠢᠷᠢ ᠶᠢᠨ ᠬᠤᠳᠠ ᠶᠢᠨ ᠡᠷᠲᠡᠨ ᠤ ᠬᠤᠳᠠ᠂ ᠴᠠᠬᠠᠷ  ᠡᠷᠲᠡᠨ ᠤ ᠬᠤᠳᠠ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠡᠵᠡᠩᠨᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠵᠤ᠂ ᠨᠢᠭᠡ ᠪᠦᠯᠦᠭ ᠲᠦᠷᠦᠯ ᠲᠡᠮᠳᠡᠭ ᠲᠠᠢ᠂ ᠵᠠᠬ᠎ᠠ ᠳᠡᠯᠭᠡᠭᠦᠷ ᠲᠠᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠢᠭᠡ ᠪᠦᠯᠦᠭ ᠬᠢᠯᠠᠰ ᠴᠡᠭ ᠲᠠᠢ᠂ ᠥᠪᠡᠷᠮᠢᠴᠡ ᠣᠨᠴᠠᠯᠢᠭ ᠲᠠᠢ ᠰᠢᠯᠢᠳᠡᠭ ᠬᠤᠳᠠᠯᠳᠤᠭᠠᠨ ᠤ ᠡᠷᠦᠬᠡ ᠶᠢ ᠢᠳᠡᠪᠬᠢᠲᠡᠢ ᠪᠤᠶᠢᠵᠢᠭᠤᠯᠵᠤ᠂ ᠠᠷᠠᠯᠵᠢᠶ᠎ᠠ ᠬᠤᠳᠠᠯᠳᠤᠭ᠎ᠠ᠂ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠰᠤ ᠰᠢᠷᠢ ᠶᠢᠨ ᠬᠤᠲᠠ ᠶᠢᠨ ᠡᠷᠲᠡᠨ ᠤ ᠬᠤᠲᠠ᠂ ᠴᠠᠬᠠᠷ ᠡᠷᠲᠡᠨ ᠤ ᠬᠤᠲᠠ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃                    ᠵᠢᠷᠤᠭ᠄ ᠴᠢᠶᠤᠤ ᠮᠢᠨ                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2