ᠵᠢᠨᠢᠩ ᠲᠣᠭᠤᠷᠢᠭ 2023 ᠣᠨ ᠤ ᠰᠢᠯᠢᠳᠡᠭ ᠡᠷᠦᠬᠡ ᠶᠢᠨ ᠴᠡᠷᠢᠭ ᠤᠨ ᠴᠤᠭᠯᠠᠷᠠᠯ ᠢ ᠰᠢᠯᠭᠠᠨ ᠪᠠᠶᠢᠴᠠᠭᠠᠬᠤ ᠶᠡᠭᠡ ᠬᠤᠷᠠᠯ ᠬᠢᠪᠠ
ᠨᠡᠶᠢᠲᠡᠯᠡᠭᠰᠡᠨ ᠴᠠᠭ᠄
2023/5/17
705470.jpg
     5 ᠳ᠋ᠤᠭᠠᠷ ᠰᠠᠷ᠎ᠠ ᠶᠢᠨ 16᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠳᠠᠭᠠᠭᠠᠨ ᠡᠷᠭᠢᠯᠡᠭᠰᠡᠨ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ 2023 ᠣᠨ ᠤ ᠰᠢᠯᠢᠳᠡᠭ ᠡᠷᠦᠬᠡ ᠶᠢᠨ ᠴᠡᠷᠢᠭ ᠤᠨ ᠴᠤᠭᠯᠠᠷᠠᠯ ᠢ ᠰᠢᠯᠭᠠᠨ ᠪᠠᠶᠢᠴᠠᠭᠠᠬᠤ ᠶᠡᠭᠡ ᠬᠤᠷᠠᠯ ᠤᠯᠠᠭᠠᠨᠴᠠᠪ ᠲᠠᠯᠠᠪᠠᠶ ᠳᠤ ᠶᠠᠪᠤᠭᠳᠠᠪᠠ᠃   ᠤᠯᠠᠭᠠᠨᠴᠠᠪ  ᠴᠡᠷᠢᠭ ᠤᠨ ᠬᠤᠪᠢᠶᠠᠷᠢ ᠲᠣᠭᠤᠷᠢᠭ ᠤᠨ ᠺᠣᠮᠢᠰᠰᠠᠷ ᠭᠦᠸᠧ ᠰᠢᠶᠤᠤ ᠮᠢᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠮᠠ ᠬᠤᠩ ᠹᠸᠢ ᠰᠢᠯᠭᠠᠨ ᠪᠠᠶᠢᠴᠠᠭᠠᠬᠤ ᠶᠡᠭᠡ ᠬᠤᠷᠠᠯ ᠳᠤ ᠣᠷᠣᠯᠴᠠᠪᠠ᠃     ᠶᠡᠭᠡ ᠬᠤᠷᠠᠯ ᠤᠨ ᠠᠬᠤᠶ ᠲᠠᠯᠠᠪᠠᠶ ᠳᠤ᠂ ᠡᠷᠦᠬᠡ ᠶᠢᠨ ᠴᠡᠷᠢᠭ ᠤᠳ ᠣᠷᠭᠢᠯᠤᠮ᠎ᠠ ᠬᠠᠯᠠᠭᠤᠨ ᠰᠡᠳᠬᠢᠯᠭᠡ᠂ ᠣᠷᠭᠢᠯᠤᠮ᠎ᠠ ᠬᠠᠯᠠᠭᠤᠨ ᠲᠡᠮᠡᠴᠡᠯ ᠤᠨ ᠵᠣᠷᠢᠭ᠂ ᠤᠭᠲᠤᠨ ᠪᠠᠶᠢᠯᠳᠤᠬᠤ ᠣᠪᠣᠷ ᠢᠶᠠᠷ ᠰᠢᠯᠭᠠᠨ ᠪᠠᠶᠢᠴᠠᠭᠠᠯᠲᠠ ᠶᠢ ᠬᠦᠯᠢᠶᠡᠪᠡ᠃ ᠰᠢᠯᠭᠠᠨ ᠪᠠᠶᠢᠴᠠᠭᠠᠬᠤ ᠶᠡᠭᠡ ᠬᠤᠷᠠᠯ ᠨᠢ ︽ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠴᠡᠷᠢᠭ ᠤᠨ ᠳᠠᠭᠤᠤ︾᠎ ᠶᠢᠨ ᠳᠤᠮᠳᠠ ᠬᠥᠰᠢᠭᠡ ᠪᠠᠨ ᠰᠡᠬᠦᠪᠡ ᠃ ᠮᠠ ᠬᠤᠩ ᠹᠸᠢ ᠡᠷᠦᠭᠡ ᠶᠢᠨ ᠴᠡᠷᠢᠭ ᠤᠨ ᠺᠠᠳ᠋ᠷ᠂ ᠭᠤᠣᠯᠯᠠᠭᠴᠢ ᠬᠦᠴᠦᠨ ᠤ ᠲᠤᠰᠢᠶᠠᠯ ᠬᠠᠷᠢᠭᠤᠴᠠᠬᠤ ᠵᠠᠷᠯᠢᠭ ᠢ ᠤᠩᠰᠢᠨ ᠨᠡᠶᠢᠲᠡᠯᠡᠪᠡ ᠃ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠠᠩᠭᠢ ᠳᠤ ᠤᠷᠤᠭᠰᠠᠨ ᠬᠥᠮᠦᠰ ᠤᠨ ᠨᠡᠷᠡᠰ ᠢ ᠨᠡᠶᠢᠲᠡᠯᠡᠭᠰᠡᠨ ᠪᠥᠭᠡᠳ ᠨᠡᠷ᠎ᠡ ᠪᠦᠷᠢᠳᠬᠡᠵᠡᠢ ᠃ ᠪᠦᠬᠦ ᠡᠷᠦᠭᠡ ᠶᠢᠨ ᠴᠡᠷᠢᠭ ᠲᠥᠪ ᠴᠢᠩᠭ᠎ᠠ ᠪᠠᠷ ᠲᠠᠩᠭᠠᠷᠢᠭᠯᠠᠵᠤ᠂ ᠡᠷᠦᠭᠡ ᠶᠢᠨ ᠴᠡᠷᠢᠭ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ ᠃ ︽ᠳᠤᠮᠳᠠᠳᠤ ᠤᠯᠤᠰ ᠤᠨ ᠡᠷᠦᠬᠡ ᠶᠢᠨ ᠴᠡᠷᠢᠭ ᠤᠨ ᠳᠠᠭᠤᠤ︾᠎ ᠶᠢ ᠬᠥᠭᠵᠢᠮᠳᠡᠨ ᠳᠠᠭᠤᠯᠠᠪᠠ᠃      ᠶᠡᠭᠡ ᠬᠤᠷᠠᠯ ᠠᠴᠠ᠂ ᠪᠣᠯᠪᠠᠰᠤᠷᠠᠯ ᠳᠤ ᠣᠷᠣᠯᠴᠠᠭᠰᠠᠨ ᠡᠷᠦᠬᠡ ᠶᠢᠨ ᠴᠡᠷᠢᠭ ᠲᠤᠰ ᠤᠳᠠᠭ᠎ᠠ ᠶᠢᠨ ᠲᠥᠪᠯᠡᠷᠡᠩᠭᠦᠢ ᠰᠢᠯᠭᠠᠯᠲᠠ ᠪᠠᠷ ᠠᠵᠠ ᠲᠣᠬᠢᠶᠠᠯ ᠪᠣᠯᠭᠠᠵᠤ᠂ ᠢᠷᠠᠭᠤ ᠠᠯᠳᠠᠷ ᠢᠶᠠᠨ ᠨᠠᠨᠳᠢᠩᠨᠠᠵᠤ᠂ ᠴᠠᠭᠠᠷᠠᠭᠰᠠᠨ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ᠂ ᠳᠠᠭᠤᠳᠠᠪᠠᠯ ᠢᠷᠡᠵᠦ᠂ ᠢᠷᠡᠪᠡᠯ ᠪᠠᠶᠢᠯᠳᠤᠵᠤ᠂ ᠪᠠᠶᠢᠯᠳᠤᠪᠠᠯ ᠢᠯᠠᠬᠤ ᠶᠢ ᠦᠨᠡᠨᠬᠦ ᠪᠡᠶᠡᠯᠡᠭᠦᠯᠵᠦ᠂ ᠮᠠᠨ ᠤ  ᠲᠤᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠬᠤᠰᠢᠭᠤᠴᠢ ᠴᠡᠷᠢᠭ ᠪᠣᠯᠬᠤ ᠪᠠᠷ ᠴᠢᠷᠮᠠᠶᠢᠬᠤ ᠬᠡᠷᠡᠭᠲᠡᠢ  ᠭᠡᠵᠡᠢ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠮᠠᠨ ᠤ  ᠲᠤᠭᠤᠷᠢᠭ ᠤᠨ  ᠡᠷᠦᠬᠡ ᠶᠢᠨ ᠴᠡᠷᠢᠭ ᠤᠨ ᠠᠵᠢᠯ ᠨᠢ ︽ᠡᠩ ᠤᠨ ᠦᠶ᠎ᠡ ᠳᠤ ᠦᠶᠯᠡᠴᠢᠯᠡᠬᠦ᠂ ᠪᠠᠴᠢᠮ ᠦᠶ᠎ᠡ ᠳᠤ ᠪᠠᠴᠢᠮ ᠪᠠᠶᠢᠳᠠᠯ ᠢ ᠠᠷᠭᠠᠴᠠᠬᠤ᠂ ᠲᠡᠶᠢᠨ ᠤ ᠦᠶ᠎ᠡ ᠳᠤ ᠠᠷᠭᠠᠴᠠᠬᠤ︾ ᠱᠠᠭᠠᠷᠳᠠᠯᠭ᠎ᠠ ᠶᠢᠨ ᠲᠣᠭᠤᠷᠢᠨ ᠳᠤ᠂ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠬᠡᠯ ᠡᠭᠦᠷᠭᠡ ᠶᠢᠨ ᠪᠣᠳᠠᠲᠤ ᠬᠦᠴᠦᠨ ᠤ ᠬᠡᠮᠵᠢᠶ᠎ᠡ ᠶᠢ ᠦᠨᠳᠦᠰᠦᠯᠡᠨ᠂ ᠴᠡᠷᠢᠭ ᠤᠨ ᠶᠠᠪᠤᠳᠠᠯ ᠤᠨ ᠪᠣᠯᠪᠠᠰᠤᠷᠠᠯ ᠰᠣᠷᠢᠯᠲᠠ ᠶᠢ ᠯᠠᠪᠳᠠᠭᠤᠨ ᠪᠠᠲᠤᠲᠠᠶ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠳᠬᠠᠵᠤ᠂ ᠠᠶᠤᠯ ᠭᠠᠮᠰᠢᠭ ᠠᠴᠠ ᠠᠪᠤᠷᠬᠠᠤ᠂ ᠪᠠᠴᠢᠮ ᠪᠠᠶᠢᠳᠠᠯ ᠢ ᠠᠷᠭᠠᠴᠠᠵᠤ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠶᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ  ᠲᠤᠭᠤᠷᠢᠭ ᠤᠨ  ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠯᠲᠡ ᠶᠢᠨ ᠠᠵᠢᠯ ᠨᠢ ᠳᠠᠶᠢᠨ ᠳᠤ ᠪᠡᠯᠡᠳᠬᠡᠬᠦ ᠪᠠ ᠳᠠᠶᠢᠨ ᠬᠢᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠩᠭ᠎ᠠ ᠠᠳᠬᠤᠵᠤ᠂ ᠬᠦᠴᠦᠨ ᠤ ᠬᠤᠪᠢᠶᠠᠷᠢᠯᠠᠯ ᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠠᠷᠠᠳ ᠤᠨ ᠳᠤᠮᠳᠠ ᠴᠡᠷᠢᠭ ᠠᠩᠭᠢ ᠶᠢ ᠠᠬᠤᠭᠤᠯᠵᠤ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠ ᠭᠤᠤᠯᠯᠠᠭᠴᠢ ᠦᠶᠯᠡᠳᠦᠯ ᠢᠶᠠᠨ ᠪᠠᠳᠠᠷᠠᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠳᠤᠮᠳᠠ ᠳᠠᠭᠠᠭᠤᠯᠬᠤ ᠦᠶᠯᠡᠳᠦᠯ ᠢᠶᠠᠨ ᠪᠠᠳᠠᠷᠠᠭᠤᠯᠤᠨ᠂ ᠨᠡᠶᠢᠭᠡᠮ ᠤᠨ ᠬᠠᠮᠢᠶᠠᠷᠤᠯᠲᠠ ᠶᠢᠨ ᠳᠤᠮᠳᠠ ᠬᠠᠮᠠᠭᠠᠯᠠᠭᠴᠢ ᠶᠢᠨ ᠦᠶᠯᠡᠳᠦᠯ ᠢᠶᠠᠨ ᠪᠠᠳᠠᠷᠠᠭᠤᠯᠵᠤ᠂ ᠪᠠᠴᠢᠮ ᠪᠡᠷᠬᠡ ᠠᠶᠤᠯᠲᠠᠶ ᠬᠦᠨᠳᠦ ᠡᠭᠦᠷᠭᠡ ᠶᠢᠨ ᠳᠤᠮᠳᠠ ᠭᠠᠪᠰᠢᠭᠠᠶᠢᠯᠠᠬᠤ ᠦᠶᠯᠡᠳᠦᠯ ᠢᠶᠠᠨ ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠵᠢᠨᠢᠩ ᠢ ᠪᠥᠲᠥᠭᠡᠨ ᠪᠠᠶᠢᠭᠤᠯᠬᠤ ᠳᠤ ᠡᠷᠦᠬᠡ ᠶᠢᠨ ᠴᠡᠷᠢᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃                        ᠤᠷᠴᠢᠭᠤᠯᠤᠭᠴᠢ ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2