ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠵᠠᠬᠢᠳᠠᠯ ᠰᠤᠷᠪᠤᠯᠵᠢᠯᠠᠭ᠎ᠠ ᠪᠠ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/5/17
705470.jpg
    5 ᠰᠠᠷ᠎ᠠ ᠶᠢᠨ 16᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠪᠠ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ ᠬᠤᠳᠠ ᠶᠢᠨ ᠨᠠᠮ ᠤᠨ  ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠶᠢᠷ᠎ᠠ ᠶᠢᠨ ᠬᠤᠭᠤᠴᠠᠭᠠᠨ ᠤ ᠮᠠᠨ ᠤ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ  ᠲᠤᠪᠴᠢᠶ᠎ᠠ  ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠮᠠᠨ ᠤ  ᠲᠤᠭᠤᠷᠢᠭ ᠤᠨ  ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠰᠠᠨᠠᠭᠤᠯᠭ᠎ᠠ ᠪᠠ ᠰᠠᠨᠠᠯ ᠳᠤᠷᠠᠳᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠶ ᠲᠠᠨᠢᠵᠤ᠂ ᠵᠣᠭᠰᠣᠴᠠ ᠪᠠᠨ ᠳᠡᠭᠡᠭᠰᠢᠯᠡᠭᠦᠯᠦᠨ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠯᠳᠠ ᠬᠡᠮ ᠢ ᠪᠠᠶᠢᠴᠠᠭᠠᠨ ᠭᠠᠷᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠠᠵᠢᠯ ᠤᠨ ᠡᠬᠡ ᠲᠠᠩᠰᠠ ᠪᠠᠶᠢᠭᠤᠯᠤᠨ᠂ ᠨᠢᠭᠡ ᠬᠡᠷᠡᠭ ᠲᠤ ᠨᠢᠭᠡ ᠠᠷᠭ᠎ᠠ ᠪᠣᠳᠣᠯᠭ᠎ᠠ ᠭᠠᠷᠭᠠᠵᠤ᠂ ᠬᠥᠳᠡᠯᠦᠩᠭᠦᠶ ᠪᠠᠷ ᠬᠠᠮᠢᠶᠠᠷᠴᠤ᠂ ᠮᠥᠷᠳᠡᠨ ᠰᠢᠪᠠᠳᠠᠨ ᠰᠢᠶᠳᠪᠦᠷᠢᠯᠡᠭᠦᠯᠬᠦ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠡᠴᠦᠰ ᠲᠤᠨᠢ ᠲᠤᠯᠲᠠᠯ᠎ᠠ ᠲᠤᠭ᠎ᠠ ᠶᠢ ᠲᠣᠳᠣᠷᠬᠠᠶᠢᠯᠠᠵᠤ᠂ ᠪᠠᠶᠢᠳᠠᠯ ᠢ ᠲᠣᠳᠣᠷᠬᠠᠢ ᠪᠣᠯᠭᠠᠵᠤ᠂ ᠵᠥᠷᠢᠴᠡᠯ ᠢ ᠡᠷᠲᠡ ᠠᠴᠠ ᠨᠢ ᠰᠢᠢᠳᠪᠦᠷᠢᠯᠡᠵᠦ᠂ ᠪᠠᠭ᠎ᠠ ᠠᠴᠠ ᠨᠢ ᠰᠢᠢᠳᠪᠦᠷᠢᠯᠡᠬᠦ ᠬᠡᠷᠡᠭᠲᠡᠢ᠃ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠠᠬᠢᠴᠠ ᠪᠠᠨ ᠲᠦᠷᠭᠡᠳᠬᠡᠵᠦ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠳᠠᠭᠠᠴᠢᠯᠠᠭᠰᠠᠨ ᠤᠳᠤᠷᠢᠳᠤᠯᠭ᠎ᠠ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠡᠮᠦᠨ᠎ᠡ ᠹᠷᠣᠨᠲ ᠲᠤ ᠬᠦᠷᠴᠦ ᠵᠢᠯᠣᠭᠤᠳᠴᠤ᠂ ︽ᠳᠡᠭᠡᠭᠰᠢ ᠰᠤᠷᠪᠤᠯᠵᠢᠯᠠᠬᠤ︾᠎ ᠶᠢ ︽ᠳᠣᠷᠣᠭᠰᠢ ᠰᠤᠷᠪᠤᠯᠵᠢᠯᠠᠬᠤ︾ ᠪᠣᠯᠭᠠᠨ ᠬᠤᠪᠢᠷᠠᠭᠤᠯᠵᠤ᠂ ᠭᠡᠷ  ᠪᠠᠶᠢᠰᠢᠩ ᠭᠠᠵᠠᠷ  ᠬᠦᠷᠦᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠵᠣᠬᠢᠰᠲᠠᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠡᠢ᠃      ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠳᠤᠷᠢᠳᠴᠤ᠂ ᠲᠣᠭᠤᠷᠢᠭ ᠤᠨ ︽ᠰᠢᠭᠦᠬᠦ  ᠬᠤᠷᠢᠶ᠎ᠠ ᠪᠠᠶᠢᠴᠠᠭᠠᠬᠤ  ᠬᠤᠷᠢᠶ᠎ᠠ ︾᠎ ᠶᠢᠨ ᠬᠤᠶᠠᠷ ᠳᠠᠷᠤᠭ᠎ᠠ ᠵᠢᠴᠢ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂  ᠨᠢᠭᠡᠴᠢ ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                 ᠵᠢᠷᠤᠭ᠄ ᠭᠦᠸᠧ ᠸᠧᠨ ᠵᠢᠶᠧ                 ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2