ᠵᠠᠩ ᠶᠦᠩ ᠸᠧᠨ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠪᠠᠷᠠᠭᠤᠨ ᠥᠷᠲᠡᠭᠡᠨ ᠳᠤ ᠬᠦᠷᠴᠦ ᠲᠤᠬᠠᠶ ᠶᠢᠨ ᠲᠠᠯᠠᠪᠠᠶ ᠳᠤ  ᠠᠵᠢᠯᠯᠠᠵᠠᠢ
ᠨᠡᠶᠢᠲᠡᠯᠡᠭᠰᠡᠨ ᠴᠠᠭ᠄
2023/5/19
705470.jpg
    5 ᠳ᠋ᠤᠭᠠᠷ ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠤᠯᠠᠭᠠᠨᠴᠠᠪ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠪᠠᠷᠠᠭᠤᠨ ᠥᠷᠲᠡᠭᠡ ᠳᠤ ᠬᠦᠷᠴᠦ ︽ᠬᠠᠭᠠᠰ ᠳᠤᠲᠠᠭᠤ ︾ ᠢᠨᠵᠧᠨᠧᠷᠢᠩ ᠢ ᠰᠢᠶᠳᠪᠦᠷᠢᠯᠡᠬᠦ ᠠᠵᠢᠯ ᠢ ᠠᠬᠢᠭᠤᠯᠬᠤ ᠲᠤᠬᠠᠶ ᠲᠤᠬᠠᠶ ᠶᠢᠨ ᠲᠠᠯᠠᠪᠤᠷ ᠲᠤ ᠠᠵᠢᠯᠯᠠᠵᠤ᠂ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠴᠤ᠂ ᠲᠥᠷᠥᠯ ᠵᠦᠶᠯ ᠢ ᠠᠮᠢᠳᠤᠯᠢᠭ ᠪᠣᠯᠭᠠᠬᠤ ᠲᠥᠰᠦᠯ ᠢ ᠰᠤᠳᠤᠯᠵᠤ᠂ ᠲᠥᠷᠥᠯ ᠵᠦᠶᠯ ᠢ ᠠᠮᠢᠳᠤᠯᠢᠭ ᠪᠣᠯᠭᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠪᠡ᠃    ᠵᠠᠩ ᠶᠦᠩ ᠸᠧᠨ ᠵᠢᠭᠠᠭᠰᠠᠨ ᠨᠢ᠂ ᠬᠠᠮᠢᠶ᠎ᠠ ᠪᠦᠬᠦᠢ  ᠨᠢᠭᠡᠴᠢ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ  ᠪᠠᠨ ᠴᠢᠩᠭᠠᠳᠬᠠᠵᠤ᠂ ᠠᠵᠢᠯ ᠤᠨ ᠬᠤᠭᠤᠴᠠᠭ᠎ᠠ ᠪᠠᠨ ᠪᠠᠶᠢᠷᠢᠯᠠᠭᠤᠯᠵᠤ᠂ ᠲᠦᠷᠭᠡᠨ ᠰᠢᠢᠳᠪᠦᠷᠢᠯᠡᠬᠦ ᠶᠢ ᠴᠢᠩᠭ᠎ᠠ ᠠᠳᠬᠤᠵᠤ᠂ ︽ᠬᠠᠭᠠᠰ ᠳᠤᠲᠠᠭᠤ︾ ᠢᠨᠵᠧᠨᠧᠷᠢᠩ ᠢ ᠠᠮᠢᠳᠤᠯᠢᠭ ᠢᠶᠠᠷ ᠪᠣᠷᠣᠯᠠᠭᠤᠯᠵᠤ ᠂ ᠦᠷ᠎ᠡ ᠠᠰᠢᠭ ᠢᠶᠠᠨ ᠪᠠᠳᠠᠷᠠᠭᠤᠯᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠵᠢᠯ ᠤᠨ ᠡᠬᠡ ᠲᠠᠩᠰᠠ ᠪᠠᠶᠢᠭᠤᠯᠵᠤ᠂ ᠨᠢᠭᠡ ᠨᠢᠭᠡ ᠲᠥᠷᠥᠯ ᠵᠦᠶᠯ ᠤᠨ ᠰᠤᠳᠤᠯᠭᠠᠨ ᠬᠢᠵᠦ᠂ ︽ᠬᠠᠭᠠᠰ ᠳᠤᠲᠠᠭᠤ︾ ᠢᠨᠵᠧᠨᠧᠷᠢᠩ ᠢ ᠠᠬᠢᠭᠤᠯᠤᠨ ᠠᠮᠢᠳᠤᠯᠢᠭ ᠪᠣᠯᠭᠠᠬᠤ ᠶᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠳᠠᠷᠤᠭᠠᠰᠤ ᠪᠠᠨ ᠡᠳ᠋ ᠪᠠᠶᠠᠯᠢᠭ ᠪᠣᠯᠭᠠᠨ ᠬᠤᠪᠢᠷᠠᠭᠤᠯᠵᠤ᠂ ᠦᠨᠳᠦᠰᠦᠨ ᠵᠦᠶᠯ ᠢ ᠶᠡᠭᠡ ᠪᠠᠷ ᠡᠬᠢᠯᠡᠭᠦᠯᠬᠦ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ  ᠭᠡᠵᠡᠢ᠃      ᠵᠠᠩ ᡁᠢ ᠷᠦᠩ ᠵᠢᠴᠢ ᠬᠤᠳᠠ‌‍ᠲ᠋ᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠣᠷᠣᠯᠴᠠᠪᠠ᠃                             ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ  ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2