ᠵᠠᠩ ᠶᠦᠩ ᠸᠧᠨ ᠮᠠᠨ ᠤ ᠲᠤᠭᠤᠷᠢᠭ ᠤᠨ ᠲᠡᠮᠦᠷ ᠵᠠᠮ᠂ ᠵᠠᠮ ᠬᠠᠷᠢᠯᠴᠠᠭᠠᠨ ᠤ ᠭᠤᠣᠯ ᠵᠠᠮ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/5/22
705470.jpg
      5 ᠳ᠋ᠤᠭᠠᠷ ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠮᠠᠨ ᠤ  ᠲᠤᠭᠤᠷᠢᠭ ᠤᠨ  ᠲᠡᠮᠦᠷ ᠵᠠᠮ᠂ ᠵᠠᠮ ᠬᠠᠷᠢᠯᠴᠠᠭᠠᠨ ᠤ ᠭᠤᠤᠯ ᠵᠠᠮ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠪᠠᠷᠢᠯᠭ᠎ᠠ ᠶᠢᠨ ᠬᠤᠭ ᠨᠣᠪᠰᠢ ᠪᠤᠯᠠᠬᠤ ᠲᠠᠯᠠᠪᠠᠶ ᠪᠠᠶᠢᠭᠤᠯᠬᠤ ᠲᠤᠬᠠᠶ ᠠᠩᠬ᠎ᠠ ᠠᠯᠬᠤᠮ ᠤᠨ ᠭᠠᠵᠠᠷ ᠰᠣᠩᠭᠤᠪᠠ᠃      ᠵᠠᠩ ᠶᠦᠩ  ᠸᠧᠨ G6 ᠲᠦᠷᠭᠡᠨ ᠳᠠᠪᠬᠢᠬᠤ ᠵᠠᠰᠠᠮᠠᠯ ᠵᠠᠮ ᠤᠨ ᠵᠡᠭᠦᠨ ᠡᠭᠦᠳᠡ ᠠᠴᠠ ᠮᠣᠷᠳᠠᠵᠤ᠂ ᠵᠢᠨᠢᠩ ᠤᠨ ᠬᠤᠲᠠ ᠶᠢ ᠲᠣᠭᠤᠷᠢᠭᠰᠠᠨ ᠲᠦᠷᠭᠡᠨ ᠳᠠᠪᠬᠢᠬᠤ ᠵᠠᠰᠠᠮᠠᠯ ᠵᠠᠮ ᠤᠨ ᠬᠡᠰᠡᠭ ᠢ ᠳᠠᠭᠠᠵᠤ᠂  ᠪᠥᠬᠦ ᠱᠤᠭᠤᠮ ᠢᠶᠠᠷ ᠢᠶᠠᠨ ᠲᠦᠷᠭᠡᠨ ᠳᠠᠪᠬᠢᠬᠤ ᠲᠡᠮᠦᠷ ᠵᠠᠮ᠂ ᠲᠦᠷᠭᠡᠨ ᠳᠠᠪᠬᠢᠬᠤ ᠵᠠᠰᠠᠮᠠᠯ ᠵᠠᠮ ᠤᠨ ᠬᠤᠶᠠᠷ ᠬᠠᠵᠠᠭᠤ ᠵᠢᠴᠢ ᠡᠷᠬᠢᠨ ᠲᠣᠭᠤᠷᠢᠨ ᠤ ᠬᠥᠳᠡᠭᠡ ᠲᠣᠰᠬᠤᠨ ᠤ ᠣᠷᠴᠢᠨ ᠠᠬᠤᠶ ᠶᠢᠨ ᠳᠦᠷᠰᠦ ᠪᠠᠶᠢᠳᠠᠯ ᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠳᠤᠷᠠᠳᠪᠠ᠃      ᠵᠠᠩ ᠶᠦᠩ ᠸᠧᠨ ᠬᠡᠯᠡᠬᠦ ᠳᠡᠭᠡᠨ᠄ ᠳᠡᠭᠡᠳᠦ ᠬᠤᠷᠳᠤᠴᠠᠲᠤ ᠲᠡᠮᠦᠷ ᠵᠠᠮ ᠳᠡᠭᠡᠳᠦ ᠬᠤᠷᠳᠤᠴᠠᠲᠤ ᠵᠠᠮ ᠳᠠᠭᠠᠤ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠨᠢ ᠮᠠᠨ ᠤ  ᠲᠤᠭᠤᠷᠲᠢᠭ ᠤᠨ ᠭᠠᠳᠠᠭᠠᠳᠤ ᠳᠤ ᠬᠠᠨᠳᠤᠭᠤᠯᠤᠭᠰᠠᠨ ᠳᠦᠷᠢ ᠲᠥᠷᠬᠦ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳᠡᠭᠡᠳᠦ ᠬᠤᠷᠳᠤᠴᠠᠲᠤ ᠲᠡᠮᠦᠷ ᠵᠠᠮ ᠳᠡᠭᠡᠳᠦ ᠬᠤᠷᠳᠤᠴᠠᠲᠤ ᠵᠠᠮ ᠳᠠᠭᠠᠤ ᠶᠢᠨ ᠦᠵᠡᠭᠳᠡᠬᠦ ᠬᠡᠪᠴᠢᠶᠡᠨ ᠳᠠᠬᠢ ᠪᠠᠷᠢᠯᠭ᠎ᠠ ᠶᠢᠨ ᠠᠮᠢᠳᠤᠷᠠᠯ ᠤᠨ ᠬᠤᠭ ᠨᠣᠪᠰᠢ᠂ ᠬᠤᠲᠣᠭᠤᠷ ᠭᠠᠵᠠᠷ ᠵᠡᠷᠭᠡ ᠪᠠᠶᠢᠳᠠᠯ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠥᠨᠳᠥᠷ ᠪᠦᠲᠦᠮᠵᠢᠲᠡᠶ ᠠᠵᠢᠯᠯᠠᠭ᠎ᠠ ᠪᠠ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠠᠷ ᠳᠡᠭᠡᠳᠦ ᠬᠤᠷᠳᠤᠴᠠᠲᠤ ᠲᠡᠮᠦᠷ ᠵᠠᠮ ᠳᠡᠭᠡᠳᠦ ᠬᠤᠷᠳᠤᠴᠠᠲᠤ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠬᠤᠲᠠ ᠶᠢᠨ ᠪᠣᠯᠪᠠᠰᠤᠨ ᠤ ᠴᠣᠩᠬᠤ ᠶᠢ ᠲᠠᠰᠤᠷᠠᠯᠲᠠ ᠥᠬᠡᠶ ᠭᠡᠷᠡᠯᠲᠦᠭᠦᠯᠬᠦ ᠬᠡᠷᠡᠭᠲᠡᠶ᠃ ᠳᠡᠭᠡᠳᠦ ᠬᠤᠷᠳᠤᠴᠠᠲᠤ ᠲᠡᠮᠦᠷ ᠵᠠᠮ ᠳᠡᠭᠡᠳᠦ ᠬᠤᠷᠳᠤᠴᠠᠲᠤ ᠵᠠᠮ ᠳᠠᠭᠠᠤ ᠶᠢᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠵᠠᠮ ᠳᠠᠭᠠᠤ ᠶᠢᠨ ᠬᠤᠶᠠᠷ ᠬᠠᠵᠠᠭᠤ ᠶᠢᠨ ᠣᠶ ᠮᠣᠳᠣᠨ ᠤ ᠤᠷᠭᠤᠯᠲᠠ ᠶᠢᠨ ᠰᠠᠶᠢᠨ ᠰᠠᠶᠢᠬᠠᠨ ᠢ ᠪᠠᠲᠤᠯᠠᠵᠤ᠂ ᠵᠠᠮ ᠳᠠᠭᠠᠤ ᠶᠢᠨ ᠣᠷᠴᠢᠨ ᠲᠣᠭᠤᠷᠢᠨ ᠤ ᠨᠣᠭᠤᠭᠠᠷᠠᠭᠤᠯᠤᠯᠲᠠ ᠶᠢᠨ ᠭᠤᠶᠤᠵᠢᠭᠤᠯᠤᠯᠲᠠ ᠶᠢᠨ ᠬᠢᠷᠢ ᠲᠦᠪᠰᠢᠨ  ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠯᠤᠰ ᠬᠡᠳᠤ ᠶᠢᠨ ᠬᠥᠭᠵᠢᠯᠲᠡ ᠳᠤ ᠰᠠᠭᠤᠷᠢᠯᠠᠵᠤ᠂ ᠪᠦᠬᠦ ᠲᠠᠯ᠎ᠠ ᠪᠠᠷ ᠲᠥᠯᠥᠪᠵᠢᠭᠦᠯᠦᠨ ᠲᠥᠯᠥᠪᠯᠡᠵᠦ᠂ ᠪᠠᠷᠢᠯᠭ᠎ᠠ ᠶᠢᠨ ᠬᠤᠭ ᠨᠣᠪᠰᠢ ᠪᠤᠯᠠᠬᠤ ᠭᠠᠵᠠᠷ ᠤᠨ ᠵᠣᠬᠢᠰᠲᠠᠢ ᠭᠠᠵᠠᠷ ᠢ ᠰᠣᠩᠭᠤᠬᠤ ᠶᠢ ᠪᠠᠲᠤᠯᠠᠬᠤ ᠬᠡᠷᠡᠭᠲᠡᠢ᠃      ᠵᠠᠩ ᡁᠢ ᠷᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                       ᠵᠢᠷᠤᠭ᠄ ᠭᠦᠸᠧ ᠸᠧᠨ ᠵᠢᠶᠧ                       ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2