ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠮᠠᠨ ᠤ ᠲᠤᠭᠤᠷᠢᠭ ᠤᠨ ᠴᠢᠬᠤᠯᠠ ᠶᠡᠭᠡ ᠲᠦᠷᠦᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠ ᠠᠬᠢᠭᠤᠯᠤᠭᠰᠠᠨ ᠪᠠᠶᠢᠳᠠᠯ ᠢ ᠲᠤᠬᠢᠷᠠᠭᠤᠯᠪᠠ
ᠨᠡᠶᠢᠲᠡᠯᠡᠭᠰᠡᠨ ᠴᠠᠭ᠄
2023/5/22
705470.jpg
     5 ᠳ᠋ᠤᠭᠠᠷ ᠰᠠᠷ᠎ᠠ ᠶᠢᠨ 21᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ  ᠲᠤᠭᠤᠷᠢᠭ ᠤᠨ  ᠴᠢᠬᠤᠯᠠ ᠶᠡᠭᠡ ᠲᠥᠷᠥᠯ ᠵᠦᠶᠯ ᠤᠨ ᠭᠠᠷᠳᠠᠮ ᠢ ᠭᠦᠶᠴᠡᠳᠬᠡᠭᠰᠡᠨ ᠪᠠ ᠠᠬᠢᠭᠤᠯᠤᠭᠰᠠᠨ ᠪᠠᠶᠢᠳᠠᠯ ᠢ ᠳᠣᠭᠢᠷᠠᠭᠤᠯᠪᠠ᠃       ᠬᠤᠷᠠᠯ ᠠᠴᠠ ᠮᠠᠨ ᠤ  ᠲᠤᠭᠤᠷᠢᠭ ᠤᠨ  ᠡᠨᠡ ᠵᠢᠯ ᠤᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠂ ᠤᠳᠠᠭᠠᠨ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠢ ᠨᠢᠭᠡᠳ ᠨᠢᠭᠡ ᠪᠠᠷ ᠡᠮᠬᠢᠯᠡᠵᠦ᠂ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠴᠠᠢ᠃        ᠬᠤᠷᠠᠯ ᠠᠴᠠ ᠵᠢᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠢᠷᠳᠡᠯ ᠲᠠᠢ ᠠᠰᠠᠭᠤᠳᠠᠯ ᠳᠤ ᠰᠢᠭᠤᠳ ᠬᠠᠨᠳᠤᠵᠤ᠂ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠥᠷᠥᠯ ᠵᠦᠶᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠲᠤᠬᠢᠷᠠᠭᠤᠯᠭ᠎ᠠ ᠶᠢ ᠴᠢᠩᠭᠠᠳᠬᠠᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠡᠶ᠎ᠡ ᠪᠠᠷ ᠢᠶᠠᠨ ᠣᠷᠣᠯᠴᠠᠵᠤ᠂ ᠪᠡᠶ᠎ᠡ ᠪᠠᠷ ᠢᠶᠠᠨ ᠠᠬᠢᠭᠤᠯᠵᠤ᠂ ᠲᠦᠷᠦᠯ ᠵᠦᠢᠯ ᠤᠨ ᠲᠤᠬᠠᠢ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ  ᠨᠢᠭᠡᠴᠢ ᠨᠦᠭᠦᠳ ᠲᠥᠷᠥᠯ ᠵᠦᠶᠯ ᠤᠨ ︽ᠬᠥᠮᠥᠷᠭᠡ ᠳᠤ ᠣᠷᠣᠭᠤᠯᠬᠤ ᠪᠣᠭᠤᠮᠲᠠ︾᠎ ᠶᠢ ᠴᠢᠩᠭ᠎ᠠ ᠠᠳᠬᠤᠵᠤ᠂ ᠭᠤᠤᠯᠳᠠᠯᠭ᠎ᠠ ᠲᠠᠢ ᠲᠥᠷᠥᠯ ᠵᠦᠶᠯ ᠤᠨ ᠡᠭᠦᠷᠭᠡ ᠶᠢ ᠳᠠᠬᠢᠨ ᠡᠮᠬᠢᠯᠡᠵᠦ᠂ ᠳᠠᠬᠢᠨ ᠲᠡᠭᠦᠯᠳᠡᠷᠵᠢᠭᠦᠯᠵᠦ᠂ ᠳᠠᠬᠢᠨ ᠨᠠᠷᠢᠯᠢᠬᠵᠢᠭᠤᠯᠬᠤ ᠬᠡᠷᠡᠭᠲᠡᠶ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠭᠠᠷᠳᠠᠵᠤ᠂ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠤᠨ᠂ ᠭᠠᠷᠳᠠᠮ ᠢ ᠡᠷᠲᠡᠬᠡᠨ ᠭᠦᠶᠴᠡᠳᠬᠡᠵᠦ ᠳᠠᠭᠤᠰᠬᠠᠨ᠂ ᠲᠥᠷᠥᠯ ᠵᠦᠶᠯ ᠢ ᠡᠷᠲᠡᠬᠡᠨ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠤᠬᠠᠶ ᠶᠢᠨ ᠲᠠᠯᠠᠪᠠᠶ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠮᠠᠨ ᠤ ᠲᠤᠭᠤᠷᠢᠭ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠬᠡᠷᠡᠭᠲᠡᠶ᠃ᠬᠤᠷᠠᠯ ᠠᠴᠠ ᠴᠢᠬᠤᠯᠠᠴᠢᠯᠠᠭᠰᠠᠨ ᠨᠢ᠂ ᠲᠤᠰᠬᠠᠶ ᠠᠩᠭᠢ ᠵᠣᠬᠢᠶᠠᠨ ᠪᠠᠶᠢᠭᠤᠯᠬᠤ᠂ ᠬᠠᠮᠲᠤᠷᠠᠨ ᠬᠢᠨᠠᠨ ᠵᠥᠪᠰᠢᠶᠡᠷᠡᠬᠦ᠂ ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠷᠳᠠᠮ ᠢ ᠭᠦᠶᠴᠡᠳᠬᠡᠬᠦ ᠶᠢ ᠲᠦᠷᠭᠡᠳᠬᠡᠵᠦ᠂ ᠮᠠᠨ ᠤ  ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠰᠢᠨᠲᠠᠷᠠᠰᠢ ᠥᠬᠡᠶ ᠰᠠᠶᠢᠲᠤᠷ ᠠᠳᠬᠤᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠᠷ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠳᠠᠶᠢᠴᠢᠯᠠᠨ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠᠷ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠬᠡᠷᠡᠭᠲᠡᠶ᠃      ᠺᠠᠩ ᠬᠠᠢ ᠷᠦᠢ᠂  ᠶᠤᠤ ᠬᠠᠢ ᠮᠢᠩ᠂ ᠵᠠᠩ ᡁᠢ ᠷᠦᠩ᠂ ᠶᠠᠩ ᠶᠦᠩ᠂ ᠱᠢ ᠭᠤᠸᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                       ᠵᠢᠷᠤᠭ᠄ ᠴᠢᠶᠤᠤ ᠮᠢᠨ                       ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2