ᠵᠠᠩ ᠶᠦᠩ ᠸᠧᠨ ᠪᠦᠯᠬᠦᠮ ᠳᠠᠭᠠᠭᠤᠯᠤᠨ ᠱᠠᠨᠳᠦ᠋ᠩ ᠳᠤ ᠬᠦᠷᠴᠦ ᠲᠦᠷᠦᠯ ᠵᠦᠢᠯ ᠤᠨ ᠰᠢᠨᠵᠢᠯᠡᠨ ᠪᠠᠶᠢᠴᠠᠭᠠᠯᠲᠠ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/22
     ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠪᠦᠯᠬᠦᠮ ᠳᠠᠭᠠᠭᠤᠯᠤᠨ ᠱᠠᠨᠳᠦ᠋ᠩ ᠤᠨ ᠯᠢᠨ ᠢ ᠵᠡᠷᠭᠡ ᠭᠠᠵᠠᠷ ᠲᠤ ᠬᠦᠷᠴᠦ ᠰᠤᠷᠤᠯᠴᠠᠨ ᠰᠢᠨᠵᠢᠯᠡᠨ ᠪᠠᠶᠢᠴᠠᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠲᠠᠨᠢᠯᠴᠠᠭᠤᠯᠬᠤ ᠬᠤᠷᠠᠯ ᠥᠷᠨᠢᠭᠦᠯᠵᠦ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠭᠠᠷ ᠬᠤᠯᠪᠣᠨ ᠪᠡᠶᠡᠯᠡᠭᠦᠯᠵᠡᠶ᠃     ᠵᠠᠩ ᠶᠦᠩ ᠸᠧᠨ ᠨᠠᠷ ᠤᠷᠢᠳ ᠬᠤᠵᠢᠳ ᠳᠤᠮᠳᠠᠳᠤ ᠤᠷᠤᠰ ᠤᠨ ᠰᠢᠨ᠎ᠡ ᠲᠣᠷᠭᠠᠨ ᠵᠠᠮ ᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ᠂ ᠳᠤᠮᠳᠠᠳᠤ ᠤᠯᠤᠰ ᠤᠨ ᠨᠥᠭᠡᠴᠡ ᠶᠢᠨ ᠬᠠᠩᠭᠠᠯᠭ᠎ᠠ ᠶᠢᠨ  ᠬᠡᠯᠬᠢᠶ᠎ᠡ ᠶᠢᠨ ᠬᠢᠵᠠᠭᠠᠷᠲᠤ ᠺᠣᠮᠫᠠᠨᠢ᠂ ᠡᠸᠤ ᠱᠧᠩ ᠳ᠋ᠡ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠯᠠᠨ ᠬᠤᠸᠠ ᠪᠦᠯᠦᠭᠯᠡᠯ ᠵᠡᠷᠭᠡ ᠠᠵᠤ ᠠᠬᠤᠶᠢᠯᠠᠯ ᠵᠢᠴᠢ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ᠂ ᠬᠢᠯᠢ ᠠᠯᠤᠰᠯᠠᠭᠰᠠᠨ  ᠡᠯᠧᠺᠲᠷᠤᠨ ᠬᠤᠳᠠᠯᠳᠤᠭᠠᠨ ᠤ ᠭᠠᠶᠢᠯᠢ ᠠᠴᠠ ᠬᠡᠯᠲᠦᠷᠢᠭᠦᠯᠬᠦ ᠳᠡᠯᠭᠡᠭᠦᠷ ᠢᠶᠠᠷ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠭᠤᠯᠤᠯᠲᠠ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠪᠣᠯᠤᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠶᠢ ᠨᠠᠷᠢᠨ ᠣᠶᠢᠯᠠᠭᠠᠪᠠ᠃ ᠡᠨᠡ ᠬᠤᠭᠤᠴᠠᠭᠠᠨ ᠳᠤ ᠶᠠᠷᠢᠯᠴᠠᠬᠤ ᠬᠤᠷᠠᠯ ᠬᠢᠵᠦ᠂ ᠡᠯ᠎ᠡ ᠠᠵᠤ ᠠᠬᠤᠶᠢᠯᠠᠯ ᠳᠤ ᠵᠢᠨᠢᠩ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠵᠡᠷᠭᠡ ᠲᠠᠯ᠎ᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠵᠢᠨᠢᠩ ᠲᠣᠭᠤᠷᠢᠭ ᠨᠢ ︽ᠨᠢᠭᠡ ᠪᠦᠰᠡ ᠨᠢᠭᠡ ᠵᠠᠮ︾᠎ ᠤᠨ ᠴᠢᠬᠤᠯᠠ ᠵᠠᠩᠭᠢᠯᠠᠭ᠎ᠠ ᠶᠢᠨ ᠬᠤᠳᠠ ᠪᠣᠯᠤᠭᠰᠠᠨ ᠤ ᠬᠤᠪᠢ ᠳᠤ᠂ ᠣᠷᠣᠨ ᠪᠠᠶᠢᠷᠢ ᠶᠢᠨ ᠳᠠᠪᠠᠭᠤᠯᠢᠭ ᠢᠶᠠᠷ ᠢᠯᠡᠷᠬᠡᠢ᠂ ᠵᠠᠮ ᠬᠠᠷᠢᠯᠴᠠᠭᠠᠨ ᠤ ᠨᠥᠬᠦᠴᠡᠯ ᠲᠦᠭᠦᠮ᠂ ᠠᠵᠤ ᠦᠢᠯᠡᠰ ᠤᠨ ᠰᠠᠭᠤᠷᠢ ᠯᠠᠪᠳᠠᠭᠤᠨ ᠪᠠᠲᠤᠲᠠᠢ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠤᠷᠢᠳ ᠡᠮᠦᠨ᠎ᠡ ᠪᠠᠶᠢᠭ᠎ᠠ ᠦᠭᠡᠢ ᠶᠤᠮ᠃ ᠡᠯ᠎ᠡ ᠠᠵᠤ ᠠᠬᠤᠶᠢᠯᠠᠯᠲᠠᠨ ᠢ ᠴᠢᠩ ᠰᠡᠳᠬᠢᠯ ᠠᠴᠠ ᠪᠠᠨ ᠤᠷᠢᠵᠤ ᠰᠢᠨᠵᠢᠯᠡᠨ ᠪᠠᠶᠢᠴᠠᠭᠠᠵᠤ ᠂ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ᠂ ᠠᠵᠤ ᠦᠢᠯᠡᠰ ᠤᠨ ᠰᠢᠨ᠎ᠡ ᠬᠥᠭᠵᠢᠯᠲᠡ ᠶᠢ ᠬᠠᠮᠲᠤᠪᠠᠷ ᠡᠷᠢᠯᠬᠢᠯᠡᠬᠦ᠂ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠬᠠᠮᠲᠤᠪᠠᠷ ᠡᠳ᠋ᠯᠡᠭᠦᠯᠬᠦ ᠬᠡᠷᠡᠭᠲᠡᠢ  ᠭᠡᠵᠡᠢ᠃   ᠱᠠᠨᠳᠦ᠋ᠩ ᠤᠨ ᠯᠠᠨ ᠬᠤᠸᠠ ᠪᠦᠯᠦᠭᠯᠡᠯ ᠳᠤ᠂ ᠬᠤᠶᠠᠷ ᠲᠠᠯ᠎ᠠ ᠪᠠᠷ ᠢᠶᠠᠨ  ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠢ ᠪᠠᠶᠢᠭᠤᠯᠬᠤ᠂  ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠭ᠎ᠠ ᠥᠷᠨᠢᠭᠦᠯᠦᠭᠰᠡᠨ ᠪᠥᠭᠡᠳ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠳᠤᠬᠢᠷᠠᠯᠴᠠᠵᠠᠢ᠃     ᠲᠤᠭᠤᠷᠢᠭ ᠤᠨ ᠤᠳᠤᠷᠢᠳᠤᠯᠭ᠎ᠠ  ᠶᠤᠤ ᠬᠠᠢ ᠮᠢᠩ ᠰᠢᠨᠵᠢᠯᠡᠨ ᠪᠠᠶᠢᠴᠠᠭᠠᠬᠤ ᠳᠤ ᠣᠷᠣᠯᠴᠠᠵᠠᠢ᠃                       ᠵᠢᠷᠤᠭ᠄ ᠴᠢᠶᠤᠤ ᠮᠢᠨ                       ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ  ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2