ᠮᠣᠩᠭᠤᠯ ᠦᠨᠳᠦᠰᠦᠲᠡᠨ ᠤ ᠮᠣᠷᠢᠨ ᠬᠤᠭᠤᠷ ᠤᠨ ᠬᠥᠭᠵᠢᠮ
ᠨᠡᠶᠢᠲᠡᠯᠡᠭᠰᠡᠨ ᠴᠠᠭ᠄
2023/5/23
     ᠮᠣᠷᠢᠨ ᠬᠤᠭᠤᠷ ᠪᠣᠯ ᠮᠣᠩᠭᠤᠯ ᠦᠨᠳᠦᠰᠦᠲᠡᠨ ᠤ ᠳᠠᠭᠤᠤ ᠬᠥᠭᠵᠢᠮ ᠤᠨ ᠰᠣᠶᠣᠯ ᠤᠨ  ᠨᠡᠶᠢᠲᠡᠯᠢᠭ  ᠲᠥᠯᠥᠭᠡᠯᠡᠭᠴᠢ ᠮᠥᠨ᠂ ᠲᠡᠭᠦᠨ ᠤ ᠳᠦᠷᠰᠦ ᠪᠦᠲᠦᠭᠡᠯᠲᠡ᠂ ᠦᠢᠯᠡᠳᠬᠦ ᠮᠠᠲ᠋ᠧᠷᠢᠶᠠᠯ᠂ ᠠᠪᠢᠶᠠᠨ ᠤ ᠥᠩᠭᠡ᠂ ᠬᠥᠭᠵᠢᠮ ᠤᠨ  ᠢᠯᠡᠷᠡᠭᠦᠯᠦᠯ ‍ᠦᠨ‌‍ᠬᠡᠪ ᠨᠠᠮᠪᠠ ᠪᠠ ᠬᠥᠭᠵᠢᠮᠳᠡᠬᠦ ᠠᠷᠭ᠎ᠠ ᠨᠢ ᠴᠥᠮ ᠮᠣᠩᠭᠤᠯ ᠦᠨᠳᠦᠰᠦᠲᠡᠨ ᠤ ᠵᠠᠩ ᠴᠢᠨᠠᠷ ᠤᠨ  ᠠᠭᠤᠯᠬᠤᠨ ᠎ ᠢ  ᠬᠠᠷᠠᠭᠤᠯᠵᠤ᠂ᠮᠣᠩᠭᠤᠯ ᠦᠨᠳᠦᠰᠦᠲᠡᠨ ᠤ ᠨᠡᠭᠦᠳᠡᠯ ᠠᠮᠢᠳᠤᠷᠠᠯ ᠤᠨ  ᠲᠡᠦᠬᠡᠨ  ᠬᠡᠯᠪᠡᠷᠢ  ᠪᠠᠶᠢᠳᠠᠯ ᠎ ᠢ  ᠭᠦᠢᠴᠡᠳ  ᠲᠤᠰᠬᠠᠵᠤ᠂  ᠮᠣᠩᠭᠤᠯ ᠦᠨᠳᠦᠰᠦᠲᠡᠨ ᠤ ᠪᠠᠶᠢᠭᠠᠯᠢ ᠶᠢᠨ ᠭᠦᠨ ᠤᠬᠠᠭᠠᠨ ᠤ ᠰᠢᠨᠵᠢ ᠶᠢᠨ ᠲᠤᠬᠠᠢ ᠪᠣᠳᠣᠯᠬᠢᠯᠠᠯ  ᠪᠠ  ᠣᠶᠢᠯᠠᠭᠠᠯᠲᠠ ᠎ ᠶᠢ  ᠢᠯᠡᠳᠬᠡᠵᠦ ᠪᠠᠶᠢᠳᠠᠭ᠃            ᠮᠣᠷᠢᠨ ᠬᠤᠭᠤᠷ ᠢ ᠵᠠᠷᠢᠮ ᠠᠯᠪᠠᠨ ᠶᠣᠰᠣᠨ ᠤ ᠪᠠ  ᠦᠪᠡᠳᠡᠭᠰᠢ  ᠶᠡᠭᠡ  ᠲᠠᠯᠠᠪᠤᠷ ᠲᠤ  ᠬᠥᠭᠵᠢᠮᠳᠡᠬᠦ ᠪᠠᠷ  ᠪᠠᠷᠠᠬᠤ‌ᠦᠭᠡᠢ᠂ ᠪᠠᠰᠠ ᠠᠷᠠᠳ ᠤᠨ ᠬᠤᠷᠢᠮ ᠤᠨ ᠶᠣᠰᠣᠯᠠᠯ ᠪᠠ ᠲᠥᠷᠥᠯ ᠰᠠᠳᠤᠨ ᠨᠠᠶᠢᠵᠠ ᠨᠥᠬᠦᠳ ᠤᠨ ᠴᠤᠭᠯᠠᠭᠠᠨ  ᠵᠡᠷᠭᠡ  ᠡᠳᠦᠷ‌‍ᠲ᠋ᠤᠲᠤᠮ ᠤᠨ ᠠᠵᠢᠯᠯᠠᠭ᠎ᠠ ᠳᠤ ᠴᠤ ᠲᠣᠭᠯᠠᠳᠠᠭ᠃ ᠳᠠᠭᠤᠤ ᠬᠥᠭᠵᠢᠮ ᠳᠤ ᠬᠠᠪᠰᠤᠷᠭᠠᠵᠤ ᠪᠣᠯᠬᠤ ᠮᠥᠷᠲᠡᠭᠡᠨ  ᠪᠠᠰᠠ  ᠭᠤᠴᠣᠯᠠᠯ ᠬᠥᠭᠵᠢᠮ ᠤᠨ ᠭᠠᠷᠴᠠᠭ ᠢ ᠬᠥᠭᠵᠢᠮᠳᠡᠵᠦ ᠪᠣᠯᠣᠨ᠎ᠠ᠃ ᠮᠣᠷᠢᠨ  ᠬᠤᠭᠤᠷ ᠎ ᠨᠢ  ᠮᠣᠩᠭᠤᠯ  ᠦᠨᠳᠦᠰᠦᠲᠡᠨ ᠤ  ᠰᠣᠶᠣᠯ ᠳᠤ  ᠲᠤᠶᠢᠯ ᠢᠶᠠᠷ  ᠬᠦᠨᠳᠦᠳᠬᠡᠭᠳᠡᠵᠦ᠂  ᠮᠣᠩᠭᠤᠯ ᠦᠨᠳᠦᠰᠦᠲᠡᠨ ᠤ ᠰᠣᠶᠣᠯ ᠤᠨ ᠲᠤᠶᠢᠯ ᠤᠨ ᠴᠢᠬᠤᠯᠠ ᠢᠯᠡᠷᠡᠭᠦᠯᠦᠯ ᠤᠨ ᠬᠡᠯᠪᠡᠷᠢ ᠪᠣᠯᠤᠭᠰᠠᠨ ᠪᠠᠶᠢᠨ᠎ᠠ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2