ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠤᠭᠤᠷᠢᠭ ᠤᠨ  ᠬᠤᠷᠢᠶ᠎ᠠ ᠶᠢᠨ 2023 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/23
705470.jpg
      5 ᠰᠠᠷ᠎ᠠ ᠶᠢᠨ 22᠎ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ  ᠬᠤᠷᠢᠶ᠎ᠠ  ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ 2023 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ  ᠡᠷᠬᠢᠯᠡᠵᠡᠢ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ‍ᠦᠨ‌ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠨᠠᠶᠢᠳᠠᠪᠤᠷᠢᠵᠢᠭᠤᠯᠬᠤ ᠰᠠᠨᠠᠯ ᠢ ᠳᠤᠷᠠᠳᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃        ᠬᠤᠷᠠᠯ ᠠᠴᠠ  ᠵᠢᠭᠠᠭᠰᠠᠨ ᠨᠢ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠵᠣᠷᠢᠭ ᠰᠢᠭᠤᠳᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠠᠰᠠᠭᠤᠳᠠᠯ ᠢ ᠰᠢᠶᠳᠪᠦᠷᠢᠯᠡᠵᠦ᠂ ᠠᠵᠢᠯ ᠣᠯᠭᠤᠯᠲᠠ᠂ ᠡᠮᠴᠢᠯᠡᠭᠡ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠣᠪᠤᠶᠢᠮ᠎ᠠ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠤᠭᠴᠠᠵᠢᠭᠤᠯᠤᠨ ᠬᠥᠭᠵᠢᠭᠦᠯᠬᠦ ᠳᠤ ᠭᠦᠨᠵᠡᠭᠡᠶ ᠠᠭᠤᠰᠤᠯᠴᠠᠭᠤᠯᠤᠨ᠂ ᠪᠣᠳᠠᠲᠠᠶᠢᠵᠢᠭᠤᠯᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠷᠠᠯᠵᠢᠶ᠎ᠠ ᠬᠤᠳᠠᠯᠳᠤᠭ᠎ᠠ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠪᠣᠳᠠᠲᠤ ᠴᠣᠭᠴᠠ ᠶᠢᠨ ᠠᠵᠤ ᠠᠬᠤᠶ ᠶᠢ ᠲᠠᠰᠤᠷᠠᠯᠲᠠ ᠥᠬᠡᠶ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃-      ᠬᠤᠷᠠᠯ ᠠᠴᠠ ᠴᠢᠬᠤᠯᠠᠴᠢᠯᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠦᠬᠦ  ᠲᠤᠭᠤᠷᠢᠭ ᠤᠨ ᠵᠠᠯᠠᠭᠤᠴᠤᠳ ᠪᠠᠭᠠᠴᠤᠳ ᠢ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ  ᠭᠡᠵᠡᠢ᠃ ᠪᠠᠭᠠᠴᠤᠳ ᠤᠨ ᠬᠤᠰᠢᠭᠤᠴᠢ ᠠᠩᠬᠢ ᠶᠢᠨ ᠰᠤᠷᠭᠠᠭᠤᠯᠢ ᠶᠢᠨ ᠭᠠᠳᠠᠨᠠᠬᠢ ᠠᠵᠢᠯ ᠤᠨ ᠵᠢᠭᠰᠠᠭᠠᠯ ᠤᠨ ᠭᠠᠵᠠᠷ ᠢ ᠶᠡᠬᠡᠪᠡᠷ ᠪᠠᠶᠢᠭᠤᠯᠵᠤ᠂ ᠪᠠᠭᠠᠴᠤᠳ ᠤᠨ ᠬᠤᠰᠢᠭᠤᠴᠢ ᠠᠩᠬᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠠᠵᠢᠯᠯᠠᠭ᠎ᠠ ᠶᠢᠨ ᠲᠦᠷᠦᠯ ᠲᠡᠮᠳᠡᠭ ᠢ ᠢᠳᠡᠪᠬᠢᠲᠡᠢ ᠡᠭᠦᠳᠴᠦ᠂ ᠪᠠᠭᠠᠴᠤᠳ ᠬᠡᠦᠬᠡᠳ ᠢ ᠵᠣᠬᠢᠶᠠᠨ ᠪᠠᠶᠢᠭᠤᠯᠤᠨ ᠥᠷᠭᠡᠨ ᠠᠭᠤᠳᠠᠮ ᠨᠡᠶᠢᠭᠡᠮ ᠤᠨ ᠶᠢᠷᠲᠢᠨᠴᠦ ᠳᠤ ᠵᠠᠩ ᠰᠤᠷᠲᠠᠯ ᠢ ᠨᠢ ᠬᠠᠲᠠᠭᠤᠵᠢᠭᠤᠯᠵᠤ᠂ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠱᠠᠲᠤᠯᠵᠢᠨ ᠮᠠᠶ᠋ᠢᠭ ᠤᠨ ᠦᠰᠦᠨ ᠪᠤᠶᠢᠵᠢᠯᠲᠠ ᠶᠢ ᠤᠷᠮᠠᠰᠢᠭᠤᠯᠬᠤ ᠰᠢᠰᠲ᠋ᠧᠮ ᠢ ᠲᠦᠷᠭᠡᠨ ᠪᠠᠶᠢᠭᠤᠯᠵᠤ᠂ ᠪᠠᠭᠠᠴᠤᠳ ᠤᠨ ᠬᠤᠰᠢᠭᠤᠴᠢ ᠠᠩᠬᠢ ᠶᠢᠨ ᠵᠣᠬᠢᠶᠠᠨ ᠪᠠᠶᠢᠭᠤᠯᠤᠯᠲᠠ ᠶᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠡᠷᠡᠰ ᠴᠢᠩᠭ᠎ᠠ ᠬᠦᠴᠦᠨ ᠲᠠᠢ ᠰᠢᠨ᠎ᠡ ᠴᠠᠭ ᠦᠶ᠎ᠡ ᠶᠢᠨ ᠪᠠᠭᠠᠴᠤᠳ ᠤᠨ ᠬᠤᠰᠢᠭᠤᠴᠢ ᠠᠩᠬᠢ ᠶᠢᠨ ᠵᠣᠬᠢᠶᠠᠨ ᠪᠠᠶᠢᠭᠤᠯᠤᠯᠲᠠ ᠪᠣᠯᠭᠠᠨ ᠪᠠᠶᠢᠭᠤᠯᠬᠤ ᠬᠡᠷᠡᠭᠲᠡᠢ᠃     ᠬᠤᠷᠠᠯ ᠠᠴᠠ  ᠲᠤᠭᠤᠷᠢᠭ ᠤᠨ ᠨᠠᠮ ᠤᠨ  ᠬᠤᠷᠢᠶ᠎ᠠ ᠂ ᠵᠠᠰᠠᠭ ᠤᠨ ᠣᠷᠳᠣᠨ ᠤ ︽ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠵᠢᠨᠢᠩ ᠲᠣᠭᠤᠷᠢᠭ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠳᠠᠯᠳᠤᠬᠤ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾ ︽ᠵᠢᠨᠢᠩ ᠲᠣᠭᠤᠷᠢᠭ ᠤᠨ ᠤᠳᠤᠷᠢᠳᠬᠤ ᠺᠠᠳ᠋ᠷᠴᠤᠳ ᠤᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠲᠠᠢ ᠬᠠᠷᠢᠯᠴᠠᠬᠤ ᠪᠠ ᠦᠶᠯᠡᠴᠢᠯᠡᠬᠦ ᠠᠵᠢᠯ ᠤᠨ ᠲᠥᠰᠦᠯ︾᠎ ᠢ ᠰᠤᠳᠤᠯᠤᠨ ᠬᠢᠨᠠᠨ ᠵᠥᠪᠯᠡᠬᠦ ᠶᠢᠨ ᠬᠠᠮᠲᠤ ᠵᠠᠷᠴᠢᠮ ᠳᠡᠭᠡᠷ᠎ᠡ ᠪᠠᠨ ᠪᠠᠲᠤᠯᠠᠨ᠎ᠠ ᠃ ᠵᠢᠨᠢᠩ ᠲᠣᠭᠤᠷᠢᠭ ᠤᠨ ᠬᠠᠷᠢᠶᠠᠲᠤ ᠨᠠᠷ ᠤᠨ ᠬᠤᠯᠪᠣᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠨᠠᠮ ᠪᠣᠯᠤᠨ ᠤᠯᠤᠰ ᠤᠨ ᠬᠠᠷᠢᠶᠠᠲᠤ ᠨᠠᠷ ᠤᠨ ᠶᠠᠪᠤᠳᠠᠯ ᠤᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠤᠳᠤᠯᠭ᠎ᠠ ᠶᠢ ᠥᠷᠭᠡᠨ ᠢᠶᠠᠷ ᠤᠬᠠᠭᠤᠯᠵᠤ᠂ ᠬᠠᠷᠢᠶᠠᠲᠤ ᠠᠬ᠎ᠠ ᠳᠡᠭᠦᠦ ᠨᠡᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠨᠠᠮ ᠤᠨ ᠠᠴᠢ ᠲᠤᠰᠠ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠤᠨ ᠨᠤᠲᠤᠭ ᠲᠠᠭᠠᠨ ᠪᠤᠴᠠᠵᠤ ᠰᠢᠨᠵᠢᠯᠡᠨ ᠪᠠᠶᠢᠴᠠᠭᠠᠬᠤ᠂ ᠪᠡᠯᠡ ᠣᠷᠣᠭᠤᠯᠤᠨ ᠦᠢᠯᠡᠰ ᠪᠤᠰᠬᠠᠬᠤ ᠶᠢ ᠠᠬᠢᠭᠤᠯᠵᠤ᠂ ᠨᠡᠩ ᠤᠯᠠᠨ ᠲᠦᠷᠦᠯ ᠵᠦᠢᠯ᠂ ᠡᠬᠢ ᠪᠠᠶᠠᠯᠢᠭ ᠤᠨ ᠵᠢᠨᠢᠩ ᠳᠤ ᠨᠤᠲᠤᠭᠰᠢᠬᠤ ᠶᠢ ᠬᠦᠳᠦᠯᠦᠨ ᠵᠢᠯᠣᠭᠤᠳᠴᠤ᠂ ᠮᠠᠨ ᠤ  ᠲᠤᠭᠤᠷᠢᠭ ᠤᠨ  ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠬᠠᠷᠢᠶᠠᠲᠤ ᠨᠠᠷ ᠤᠨ ᠪᠠᠶᠢᠳᠠᠯ ᠤᠨ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠬᠠᠷᠢᠶᠠᠲᠤ ᠨᠠᠷ ᠲᠤ ᠦᠢᠯᠡᠴᠢᠯᠡᠬᠦ ᠲᠣᠭᠲᠠᠴᠠ ᠶᠢ ᠰᠢᠨ᠎ᠡ ᠪᠠᠷ ᠡᠭᠦᠳᠦᠨ ᠲᠡᠭᠦᠯᠳᠡᠷᠵᠢᠭᠦᠯᠵᠦ᠂ ᠬᠠᠷᠢᠶᠠᠲᠤ ᠨᠠᠷ ᠢ ᠬᠠᠪᠰᠤᠷᠤᠨ ᠲᠤᠰᠠᠯᠠᠵᠤ ᠬᠠᠷᠢᠶᠠᠲᠤ ᠨᠠᠷ ᠢ ᠬᠠᠮᠠᠭᠠᠯᠠᠨ ᠬᠠᠷᠢᠶᠠᠲᠤ ᠨᠠᠷ ᠢ ᠳᠤᠯᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃                          ᠵᠢᠷᠤᠭ᠄ ᠴᠢᠶᠤᠤ ᠮᠢᠨ                          ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2