ᠤᠯᠠᠭᠠᠨᠴᠠᠪ ᠬᠤᠲᠠ ᠬᠠᠷᠭᠠᠨ᠎ᠠ ᠶᠢᠨ ᠡᠬᠢ ᠪᠠᠶᠠᠯᠢᠭ ᠢ ᠠᠰᠢᠬᠯᠠᠵᠤ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠤᠢ
ᠨᠡᠶᠢᠲᠡᠯᠡᠭᠰᠡᠨ ᠴᠠᠭ᠄
2023/5/23
      ᠤᠯᠠᠭᠠᠨᠴᠠᠪ ᠬᠤᠲᠠ ᠶᠢᠨ ᠬᠠᠷᠭᠠᠨ᠎ᠠ ᠲᠠᠷᠢᠬᠤ ᠨᠠᠮᠠᠭ᠎ᠠ ᠶᠢ ᠨᠢ ᠵᠠᠰᠠᠵᠤ ᠬᠠᠳᠤᠬᠤ ᠵᠢᠱᠢᠶ᠎ᠡ  ᠦᠵᠡᠭᠦᠯᠬᠦ  ᠲᠤᠬᠠᠢ ᠵᠢᠨ‌‍ᠲ᠋ᠠᠯᠠᠪᠠᠢ ᠶᠢᠨ ᠲᠣᠭᠤᠷᠢᠨ ᠦᠵᠡᠬᠦ ᠬᠤᠷᠠᠯ ᠣᠶᠢᠷ᠎ᠠ ᠳᠤ ᠹᠧᠩᠵᠧᠨ ᠬᠤᠲᠠ ᠳᠤ ᠬᠤᠷᠠᠯᠳᠤᠪᠠ᠃            ᠬᠤᠷᠠᠯ ᠠᠴᠠ ᠬᠠᠷᠭᠠᠨ᠎ᠠ ᠶᠢᠨ ᠠᠵᠤ ᠦᠢᠯᠡᠰ ᠤᠨ ᠣᠶᠢᠵᠢᠭᠤᠯᠬᠤ ᠠᠴᠠ ᠨᠠᠷᠢᠯᠢᠭ  ᠡᠳ᠋ᠰᠢᠭᠦᠯᠬᠦ  ᠬᠦᠷᠲᠡᠯᠡᠬᠢ  ᠪᠥᠬᠦ‌ᠠᠵᠤ ᠦᠢᠯᠡᠰ ᠤᠨ ᠬᠡᠯᠬᠢᠶ᠎ᠡ ᠶᠢ ᠪᠥᠬᠦ ᠲᠠᠯ᠎ᠠ ᠪᠠᠷ ᠰᠢᠰᠲ᠋ᠧᠮ ᠲᠠᠢ ᠲᠣᠭᠤᠷᠢᠨ ᠦᠵᠡᠬᠦ ᠪᠠᠷ ᠳᠡᠮᠵᠢᠨ᠂ ᠡᠯ᠎ᠡ ᠬᠤᠰᠢᠭᠤ  ᠰᠢᠶᠠᠨ‌ᠬᠤᠲᠠ ᠲᠤᠭᠤᠷᠢᠭ ᠤᠨ ᠬᠠᠷᠭᠠᠨ᠎ᠠ  ᠳᠠᠷᠢᠬᠤ᠂  ᠨᠠᠮᠠᠭ᠎ᠠ ᠶᠢ ᠨᠢ  ᠵᠠᠰᠠᠵᠤ  ᠬᠠᠳᠤᠵᠤ  ᠪᠤᠶᠢᠵᠢᠭᠤᠯᠬᠤ᠂  ᠲᠡᠵᠢᠭᠡᠯ  ᠪᠣᠷᠳᠤᠭ᠎ᠠ‌‍ᠪᠣᠯᠪᠠᠰᠤᠷᠠᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠳᠤᠷ ᠬᠢᠬᠦ ᠳᠤ ᠠᠰᠢᠭᠲᠠᠢ ᠯᠠᠪᠯᠠᠯᠲᠠ ᠬᠠᠩᠭᠠᠪᠠ᠃ ᠲᠣᠰ‌ᠤᠳᠠᠭ᠎ᠠ ᠶᠢᠨ  ᠲᠤᠬᠠᠶ ᠶᠢᠨ  ᠲᠠᠯᠠᠪᠠᠶ ᠶᠢᠨ  ᠲᠣᠭᠤᠷᠢᠨ  ᠦᠵᠡᠬᠦ  ᠬᠤᠷᠠᠯ  ᠬᠤᠷᠠᠯᠳᠤᠭᠰᠠᠨ ᠨᠢ  ᠤᠯᠠᠭᠠᠨᠴᠠᠪ  ᠬᠤᠲᠠ ᠵᠢᠨ‌ᠬᠠᠷᠭᠠᠨ᠎ᠠ ᠶᠢᠨ ᠡᠬᠢ ᠪᠠᠶᠠᠯᠢᠭ ᠢ ᠠᠰᠢᠬᠯᠠᠵᠤ ᠬᠥᠳᠡᠭᠡ ᠲᠤᠰᠬᠤᠨ ᠢ  ᠬᠦᠭᠵᠢᠭᠦᠯᠦᠨ  ᠮᠠᠨᠳᠤᠭᠤᠯᠬᠤ ᠳᠤ  ᠬᠦᠴᠦᠨ  ᠨᠡᠮᠡᠷᠢᠯᠡᠬᠦ‌‍ᠬᠦ᠋ᠰᠢᠭᠡ ᠶᠢ ᠰᠡᠬᠦᠭᠰᠡᠨ ᠪᠠᠶᠢᠨ᠎ᠠ᠃ ᠤᠯᠠᠭᠠᠨᠴᠠᠪ ᠬᠤᠲᠠ ᠳᠤ ᠣᠲᠣ 1200  ᠲᠦᠮᠡᠨ  ᠮᠥ  ᠬᠠᠷᠭᠠᠨ᠎ᠠ ᠶᠢᠨ  ᠭᠠᠵᠠᠷ ᠲᠠᠢ᠂ᠡᠭᠦᠨ ᠳᠤ ᠠᠰᠢᠭᠯᠠᠵᠤ ᠪᠤᠯᠬᠤ ᠨᠢ 50 ᠲᠦᠮᠡᠨ ᠮᠦ ᠪᠤᠢ᠃ ᠣᠳᠣ ᠬᠠᠷᠭᠠᠨ᠎ᠠ  ᠪᠣᠯᠪᠠᠰᠤᠷᠠᠭᠤᠯᠬᠤ  ᠠᠵᠤ  ᠠᠬᠤᠶᠢᠯᠠᠯ  30ᠪᠠᠶᠢᠵᠦ᠂  ᠳᠠᠩᠰᠠᠭᠤᠯᠤᠭᠰᠠᠨ  ᠪᠡᠯᠡ  ᠮᠥᠩᠭᠦ ᠨᠢ  2.3  ᠳ᠋ᠦᠩᠰᠢᠭᠤᠷ  ᠲᠥᠭᠦᠷᠢᠭ ᠲᠤ  ᠬᠦᠷᠴᠡᠢ᠂  ᠡᠭᠦᠨ ᠳᠤ  ᠵᠢᠯ ‍ᠤᠨ‌ᠦᠢᠯᠡᠳᠪᠦᠷᠢᠯᠡᠯ ᠤᠨ ᠬᠡᠮᠵᠢᠶ᠎ᠡ ᠨᠢ 3000 ᠲᠣᠨ ᠢ ᠲᠠᠪᠠᠭ᠋ᠤ ᠠᠵᠤ ᠠᠬᠤᠶᠢᠯᠠᠯ 9 ᠪᠠᠶᠢᠨ᠎ᠠ᠃ ᠡᠨᠡ ᠬᠦ ᠰᠠᠭᠤᠷᠢᠨ  ᠳᠡᠭᠡᠷ᠎ᠡ᠂ᠬᠠᠷᠭᠠᠨ᠎ᠠ ᠶᠢᠨ ᠡᠬᠢ  ᠪᠠᠶᠠᠯᠢᠭ ᠢ  ᠰᠠᠶᠢᠳᠤᠷ  ᠬᠠᠮᠠᠭᠠᠯᠠᠵᠤ᠂  ᠬᠦᠭᠵᠢᠭᠦᠯᠵᠦ᠂  ᠠᠰᠢᠭᠯᠠᠵᠤ᠂  ᠮᠠᠯ  ᠠᠵᠤ  ᠠᠬᠤᠢ  ᠪᠣᠯᠤᠨ‌ᠬᠠᠷᠭᠠᠨ᠎ᠠ ᠶᠢᠨ ᠠᠵᠤ ᠦᠢᠯᠡᠰ ᠤᠨ  ᠠᠭᠤᠰᠤᠯᠴᠠᠨ  ᠬᠦᠭᠵᠢᠬᠦ ᠶᠢ  ᠠᠬᠢᠭᠤᠯᠵᠤ᠂  ᠮᠠᠯᠴᠢᠨ  ᠲᠠᠷᠢᠶᠠᠴᠢᠨ ᠤ  ᠣᠷᠣᠯᠭ᠎ᠠ ᠵᠢᠨ‌ᠨᠡᠮᠡᠭᠳᠡᠯ ᠢ ᠠᠬᠢᠭᠤᠯᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠶᠢᠨ ᠬᠠᠷᠭᠠᠨ᠎ᠠ ᠶᠢᠨ ᠡᠬᠢ  ᠪᠠᠶᠠᠯᠢᠭ ᠢ  ᠦᠢᠯᠡᠳᠪᠦᠷᠢᠯᠡᠵᠦ‌ᠡᠵᠡᠩᠨᠡᠵᠤ ᠠᠰᠢᠭᠯᠠᠬᠤ ᠲᠤᠬᠠᠢ ᠬᠡᠷᠡᠭᠵᠢᠭᠦᠯᠬᠦ ᠲᠥᠰᠦᠯ ᠲᠣᠭᠲᠠᠭᠠᠪᠠ᠃               ᠲᠥᠰᠦᠯ ᠢ ᠦᠨᠳᠦᠰᠦᠯᠡᠪᠡᠯ᠂ 2023 ᠣᠨ ᠠᠴᠠ 2027  ᠣᠨ  ᠪᠣᠯᠲᠠᠯ᠎ᠠ᠂  ᠲᠣᠰ  ᠬᠤᠲᠠ  ᠬᠠᠷᠭᠠᠨ᠎ᠠ ᠶᠢ100 ᠲᠦᠮᠡᠨ ᠮᠥ ᠲᠠᠷᠢᠬᠤ ᠪᠠᠷ ᠲᠥᠯᠥᠪᠯᠡᠵᠦ ᠪᠠᠶᠢᠨ᠎ᠠ︔ 250  ᠲᠦᠮᠡᠨ  ᠮᠦ  ᠬᠠᠷᠭᠠᠨ᠎ᠠ ᠶᠢᠨ  ᠨᠠᠮᠠᠭ᠎ᠠ ᠶᠢ ᠨᠢ  ᠵᠠᠰᠠᠨ‌ᠬᠠᠳᠤᠵᠤ᠂ 30 ᠲᠦᠮᠡᠨ ᠲᠣᠨ ᠡᠪᠡᠰᠦ  ᠪᠣᠷᠳᠤᠭ᠎ᠠ  ᠦᠢᠯᠡᠳᠪᠦᠷᠢᠯᠡᠨ᠎ᠡ᠃  ᠳᠡᠭᠡᠷᠡᠬᠢ  ᠲᠦᠯᠦᠪᠯᠡᠭᠡ ᠶᠢ  ᠬᠡᠷᠡᠭᠵᠢᠭᠦᠯᠬᠦ ᠪᠠᠷ‌‍ᠲ᠋ᠡᠮᠵᠢᠨ᠂ ᠲᠣᠰ ᠬᠤᠲᠠ ᠠᠮᠢ  ᠠᠬᠤᠶ ᠶᠢᠨ  ᠣᠷᠴᠢᠨ  ᠨᠥᠬᠦᠴᠡᠯ ᠢ  ᠰᠠᠶᠢᠵᠢᠷᠠᠭᠤᠯᠬᠤ ᠶᠢᠨ  ᠬᠠᠮᠲᠤ  ᠬᠠᠷᠭᠠᠨ᠎ᠠ ᠶᠢᠨ  ᠡᠬᠢ‌‍ᠪᠠᠶᠠᠯᠢᠭ ᠢ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂ ᠬᠠᠷᠭᠠᠨ᠎ᠠ ᠶᠢᠨ ᠠᠵᠤ  ᠦᠢᠯᠡᠰ ᠢᠶᠠᠷ  ᠮᠢᠬᠠᠨ ᠤ  ᠦᠬᠡᠷ᠂  ᠮᠢᠬᠠᠨ ‍ᠤ‌ᠬᠤᠨᠢ᠂ ᠰᠠᠭᠠᠯᠢ ᠶᠢᠨ ᠦᠨᠢᠶ᠎ᠡ ᠵᠡᠷᠭᠡ ᠲᠡᠵᠢᠭᠡᠨ ᠦᠷᠡᠵᠢᠭᠦᠯᠬᠦ ᠠᠵᠤ ᠦᠢᠯᠡᠰ ᠲᠤ ᠦᠢᠯᠡᠴᠢᠯᠡᠵᠦ᠂ ᠠᠮᠢ  ᠠᠬᠤᠶ ᠶᠢᠨ  ᠠᠵᠤ‌ᠦᠢᠯᠡᠰᠵᠢᠯᠲᠡ ᠪᠠ ᠠᠵᠤ ᠦᠢᠯᠡᠰ ᠶᠢᠨ ᠠᠮᠢ ᠠᠬᠤᠶᠢᠵᠢᠨ ᠠᠭᠤᠰᠤᠯᠴᠠᠨ ᠬᠦᠭᠵᠢᠬᠦ ᠶᠢ ᠪᠡᠶᠡᠯᠡᠭᠦᠯᠵᠦ᠂ ᠬᠥᠳᠡᠭᠡ  ᠲᠤᠰᠬᠤᠨ ᠢ‌‍ᠬᠦ᠋ᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠤᠯᠤᠨ᠎ᠠ᠃        
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2