ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠭᠡᠷ ᠪᠠᠶᠢᠰᠢᠩ ᠭᠠᠵᠠᠷ   ᠬᠦᠷᠦᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/5/25
705470.jpg
     5 ᠰᠠᠷ᠎ᠠ ᠶᠢᠨ 23᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ ᠰᠢᠶᠳᠪᠦᠷᠢᠯᠡᠪᠡ᠃       ᠬᠤᠷᠠᠯ ᠳᠡᠭᠡᠷ᠎ᠡ᠂ ᠣᠶᠢᠷ᠎ᠠ ᠶᠢᠨ ᠬᠤᠭᠤᠴᠠᠭᠠᠨ ᠳᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠭᠰᠡᠨ ᠪᠦᠬᠦ᠋ᠢᠯᠡ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠪᠡ᠃ ᠳᠠᠭᠠᠭᠠᠴᠢᠯᠠᠯᠲᠠ ᠶᠢᠨ ᠬᠤᠯᠪᠣᠭ᠎ᠠ ᠶᠢᠨ ᠤᠳᠤᠷᠢᠳᠤᠯᠭ᠎ᠠ ᠵᠢᠴᠢ ᠠᠵᠢᠯ ᠤᠨ ᠲᠤᠰᠬᠠᠶ ᠠᠩᠭᠢ ᠨᠢ ᠲᠣᠰ ᠲᠣᠰ ᠤᠨ ᠳᠠᠭᠠᠭᠠᠴᠢᠯᠠᠯᠲᠠ ᠶᠢᠨ ᠲᠥᠷᠥᠯ ᠵᠦᠶᠯ ᠤᠨ ᠣᠳᠣᠬᠠᠨ ᠤ ᠠᠬᠢᠭᠤᠯᠵᠤ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠵᠠᠳᠠᠯᠵᠤ᠂ ᠠᠰᠠᠭᠤᠳᠠᠯ ᠢ ᠰᠢᠢᠳᠪᠦᠷᠢᠯᠡᠵᠦ᠂ ᠠᠵᠢᠯ ᠤᠨ ᠡᠬᠡ ᠲᠠᠩᠰᠠ ᠶᠢ ᠪᠠᠶᠢᠭᠤᠯᠵᠤ᠂ ᠰᠠᠭᠤᠷᠢ ᠲᠣᠳᠣᠷᠬᠠᠶ᠂ ᠪᠠᠶᠢᠳᠠᠯ ᠢ ᠲᠣᠳᠣᠷᠬᠠᠶ ᠪᠣᠯᠭᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠬᠠᠷᠢᠭᠤᠴᠠᠯᠭᠠᠲᠠᠨ ᠨᠥᠬᠦᠳ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠠᠷᠢᠶ᠎ᠠ ᠣᠷᠣᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠬᠡᠷᠡᠭᠲᠡᠢ᠃ ᠡᠯ᠎ᠡ ᠳᠠᠭᠠᠭᠠᠴᠢᠯᠠᠯᠲᠠ ᠶᠢᠨ ᠬᠤᠯᠪᠣᠭ᠎ᠠ ᠶᠢᠨ ᠤᠳᠤᠷᠢᠳᠤᠯᠭ᠎ᠠ ᠪᠠ ᠠᠵᠢᠯ ᠤᠨ ᠲᠤᠰᠬᠠᠶ ᠠᠩᠭᠢ ᠨᠢ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠮᠦᠨ᠎ᠡ ᠹᠷᠣᠨᠲ ᠲᠤ ᠣᠴᠢᠵᠤ ᠵᠢᠯᠣᠭᠤᠳᠴᠤ᠂ ᠲᠤᠰᠬᠠᠶ ᠠᠩᠭᠢ ᠶᠢᠨ ᠬᠦᠴᠦᠨ ᠢ ᠴᠢᠩᠭᠠᠷᠠᠭᠤᠯᠤᠨ ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠬᠦ ᠳᠤ ᠦᠨᠡᠨ ᠪᠣᠳᠠᠲᠠᠶ ᠰᠢᠪᠲᠤᠯᠤᠯᠲᠠ ᠲᠠᠢ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠡᠯ᠎ᠡ ᠲᠣᠭᠤᠷᠢᠭ ᠤᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                     ᠵᠢᠷᠤᠭ᠄ ᠴᠢᠶᠤᠤ ᠮᠢᠨ                     ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2