ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠵᠢᠴᠢ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠦᠷᠳᠡᠭᠡ︶᠎ ᠤᠨ ᠤᠯᠤᠰ ᠲᠦᠷᠦ ᠰᠣᠶᠣᠯ ᠤᠨ ᠣᠷᠴᠢᠨ ᠲᠣᠭᠤᠷᠢᠨ ᠤ ᠪᠠᠶᠢᠭᠤᠯᠤᠯᠲᠠ ᠶᠢᠨ ᠲᠤᠰᠬᠠᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/30
819470.jpg
     5 ᠳ᠋ᠤᠭᠠᠷ ᠰᠠᠷ᠎ᠠ ᠶᠢᠨ 26᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠲᠥᠪ ︵ᠥᠷᠲᠡᠭᠡ︶᠎ ᠤᠨ ᠤᠯᠤᠰ ᠲᠥᠷᠥ ᠰᠣᠶᠣᠯ ᠤᠨ ᠣᠷᠴᠢᠨ ᠲᠣᠭᠤᠷᠢᠨ ᠤ ᠪᠠᠶᠢᠭᠤᠯᠤᠯᠲᠠ ᠶᠢᠨ ᠲᠤᠰᠬᠠᠶ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃               ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠶᠣᠤ ᠱᠢ ᠢ ᠬᠤᠷᠠᠯ ᠳᠤ ᠣᠷᠣᠯᠴᠠᠵᠠᠢ᠃     ᠬᠤᠷᠠᠯ ᠠᠴᠠ ︽ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠦᠷᠲᠡᠭᠡ︶᠎ ᠤᠨ ᠤᠯᠤᠰ ᠲᠦᠷᠦ ᠰᠣᠶᠣᠯ ᠤᠨ ᠣᠷᠴᠢᠨ ᠲᠣᠭᠤᠷᠢᠨ ᠤ ᠪᠠᠶᠢᠭᠤᠯᠤᠯᠲᠠ ᠶᠢᠨ ᠲᠤᠰᠬᠠᠢ ᠴᠡᠭᠴᠡᠯᠡᠨ ᠰᠠᠶᠢᠵᠢᠷᠠᠭᠤᠯᠬᠤ ᠲᠥᠰᠦᠯ︾᠎ ᠢ ᠤᠯᠠᠮᠵᠢᠯᠠᠪᠠ᠃ ᠮᠠᠨ ᠤ ᠲᠤᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠶᠯᠡᠴᠢᠯᠡᠭᠡᠨ ᠤ ᠲᠥᠪ ︵ᠥᠷᠲᠡᠭᠡ︶᠎ ᠤᠨ ᠤᠯᠤᠰ ᠲᠥᠷᠥ ᠰᠣᠶᠣᠯ ᠤᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ︽ᠡᠷᠬᠢᠨ ᠬᠠᠷᠠᠬᠤ︾ ᠠᠵᠢᠯᠯᠠᠭ᠎ᠠ ᠶᠢ ᠥᠪᠡᠷ ᠢᠶᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ  ᠰᠢᠰᠲ᠋ᠧᠮ ᠤᠨ ᠤᠯᠤᠰ ᠲᠦᠷᠦ ᠰᠣᠶᠣᠯ ᠤᠨ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠲᠠᠪᠤ ᠶᠢ ᠪᠦᠷᠢᠳᠦᠭᠦᠯᠬᠦ︾ ᠪᠠᠷᠢᠮᠵᠢᠶ᠎ᠠ ᠲᠠᠢ ᠬᠠᠷᠢᠴᠠᠭᠤᠯᠵᠤ᠂ ᠤᠯᠤᠰ ᠲᠦᠷᠦ ᠰᠣᠶᠣᠯ ᠤᠨ ᠣᠷᠴᠢᠨ ᠲᠣᠭᠤᠷᠢᠨ ᠤ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠰᠠᠯᠠᠭ᠎ᠠ ᠮᠥᠴᠢᠷ ᠲᠤ ᠬᠦᠷᠲᠡᠯ᠎ᠡ ᠪᠣᠳᠠᠲᠠᠢ ᠪᠠᠷ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠥᠮᠦᠨ ᠳᠤ ᠬᠦᠷᠲᠡᠯ᠎ᠡ ᠬᠡᠮᠵᠢᠶᠡᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                              ᠵᠢᠷᠤᠭ᠄ ᠴᠢᠶᠤᠤ ᠮᠢᠨ                              ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ   ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2