ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/30
705470.jpg
      5 ᠰᠠᠷ᠎ᠠ ᠶᠢᠨ 26᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠣᠨᠣᠯ  ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ 6 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠪᠠ᠃       ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ  ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠪᠠ ᠤᠤᠯ ᠤᠨ ᠲᠥᠪ ᠤᠨ ᠲᠤᠯᠭᠤᠷ ᠪᠢᠴᠢᠭ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠴᠧᠨ ᠶᠢᠨ ᠤ ︽ᠠᠷᠠᠳ ᠤᠨ ᠡᠳᠦᠷ ᠤᠨ ᠰᠣᠨᠢᠨ︾ ᠳᠡᠭᠡᠷ᠎ᠡ ᠨᠡᠶᠢᠲᠡᠯᠡᠭᠰᠡᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠠᠰᠤᠷᠠᠯᠲᠠ ᠥᠬᠡᠶ ᠠᠬᠢᠭᠤᠯᠤᠨ ᠥᠷᠭᠡᠳᠬᠡᠶ᠎ᠡ︾ ᠭᠡᠬᠦ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃         ᠬᠤᠷᠠᠯ ᠠᠴᠠ ᠴᠢᠬᠤᠯᠠᠴᠢᠯᠠᠭᠰᠠᠨ ᠨᠢ᠂ ᠲᠦᠷᠦᠯ ᠵᠦᠢᠯ ᠢ ᠲᠠᠲᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠦᠷᠦᠯ ᠵᠦᠢᠯ ᠤᠨ ᠪᠠᠷᠢᠯᠭ᠎ᠠ ᠶᠢᠨ ︽ᠰᠢᠵᠢᠷ ᠠᠯᠳᠠᠨ ᠬᠤᠭᠤᠴᠠᠭ᠎ᠠ︾᠎ ᠶᠢ ᠠᠮᠵᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠵᠤ᠂ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠯᠠ ᠪᠠᠶᠢᠭ᠎ᠠ ᠡᠬᠢ ᠪᠠᠶᠠᠯᠢᠭ ᠢ ᠬᠡᠷᠡᠭᠯᠡᠬᠦ᠂ ᠠᠮᠢᠳᠤᠯᠢᠭ ᠪᠣᠯᠭᠠᠬᠤ ᠶᠢ ᠠᠬᠢᠭᠤᠯᠬᠤ ᠬᠡᠷᠡᠭᠲᠡᠢ ᠃ ᠤᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠪᠣᠳᠠᠲᠠᠢ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠭᠡᠷ  ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠭ᠎ᠠ ᠪᠦᠬᠦᠨ ᠢ ᠰᠦᠪᠡᠭᠴᠢᠯᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ︽ᠬᠤᠶᠠᠷ ᠣᠷᠣᠯᠭ᠎ᠠ︾᠎ ᠶᠢ ᠨᠡᠮᠡᠭᠳᠡᠭᠦᠯᠵᠦ᠂ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠ ᠶᠢᠨ ᠬᠠᠮᠢᠶᠠᠷᠤᠯᠲᠠ ᠶᠢ ᠨᠠᠷᠢᠯᠢᠬᠵᠢᠭᠤᠯᠬᠤ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠬᠤᠳᠠ ᠶᠢᠨ ᠣᠷᠣᠰᠢᠨ ᠰᠠᠭᠤᠬᠤ ᠳᠤ ᠳᠤᠬᠢᠷᠠᠬᠤ  ᠬᠡᠮᠵᠢᠶ᠎ᠡ  ᠶᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ  ᠬᠦᠴᠦᠯᠠᠵᠦ᠂  ᠠᠶᠤᠯᠭᠦᠢ  ᠦᠢᠯᠡᠳᠪᠦᠷᠢᠯᠡᠯ ᠢ ᠦᠷᠭᠦᠯᠵᠢᠯᠡᠨ ᠰᠠᠶᠢᠲᠤᠷ ᠠᠳᠬᠤᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ  ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠪᠦᠬᠦ  ᠲᠤᠭᠤᠷᠢᠭ ᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠃     ᠰᠤᠷᠤᠯᠴᠠᠯᠭ᠎ᠠ ᠶᠢᠨ ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠤᠨᠤᠯ ᠤᠨ ᠮᠡᠳᠡᠯᠭᠡ ᠶᠢᠨ ᠰᠢᠯᠭᠠᠯᠲᠠ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠡᠵᠡᠮᠳᠡᠯ ᠢᠶᠠᠨ ᠤᠯᠠᠮ ᠴᠢᠨᠠᠭᠰᠢᠳᠠ ᠭᠦᠨᠵᠡᠭᠡᠶᠢᠷᠡᠭᠦᠯᠪᠡ᠃     ᠺᠠᠩ ᠬᠠᠶ ᠷᠦᠢ᠂ ᠲᠦᠩ ᠢ ᠵᠢᠴᠢ ᠲᠣᠭᠤᠷᠢᠭ ᠤᠨ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃              ᠵᠢᠷᠤᠭ᠄ ᠴᠢᠶᠤᠤ ᠮᠢᠨ              ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2