ᠵᠠᠩ ᠶᠦᠩ ᠸᠧᠨ ᠮᠠᠨ ᠤ ᠲᠤᠭᠤᠷᠢᠭ ᠤᠨ ᠭᠡᠷ ᠪᠠᠶᠢᠰᠢᠩ  ᠭᠠᠵᠠᠷ ᠬᠦᠷᠦᠩᠭᠡ ᠶᠢᠨ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/30
705470.jpg
      5 ᠳ᠋ᠤᠭᠠᠷ ᠰᠠᠷ᠎ᠠ ᠶᠢᠨ 27᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠪᠦᠦ ᠬᠤᠸᠠ ᠵᠢᠶᠠ ᠶᠤᠸᠠᠨ᠂ ᠰᠢᠨ ᠱᠠᠩ ᠵᠢᠶᠠ ᠶᠤᠸᠠᠨ ︵ᠪᠠᠷᠠᠭᠤᠨ ᠲᠣᠭᠤᠷᠢᠭ︶ ᠵᠡᠷᠭᠡ ᠭᠠᠵᠠᠷ ᠲᠤ ᠭᠦᠨᠵᠡᠭᠡᠶᠢᠷᠡᠨ ᠮᠠᠨ ᠤ  ᠲᠤᠭᠤᠷᠢᠭ ᠤᠨ  ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠥᠷᠥᠯ ᠵᠦᠶᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃        ᠲᠣᠭᠤᠷᠢᠭ ᠤᠨ ᠤᠳᠤᠷᠢᠳᠤᠯᠭ᠎ᠠ ᠺᠠᠩ ᠬᠠᠶ ᠷᠦᠢ᠂ ᠳ᠋ᠧᠦ ᠲᠤᠤ ᠷᠠᠨ᠂ ᠵᠠᠩ ᠱᠧᠩ ᠵᠢᠶᠠᠩ᠂ ᠵᠠᠩ ᠱᠦᠨ ᠯᠢ᠂ ᠶᠠᠩ ᠶᠦᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠪᠤᠶᠤ ᠲᠤᠰᠬᠠᠶ ᠰᠡᠳᠦᠪᠲᠦ ᠬᠤᠷᠠᠯ ᠳᠤ ᠣᠷᠣᠯᠴᠠᠪᠠ᠃       ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠠᠩ ᠶᠦᠩ  ᠸᠧᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠵᠦᠶᠯᠡᠰ ᠤᠨ ᠪᠠᠷᠢᠯᠭ᠎ᠠ ᠪᠠᠷᠢᠬᠤ ᠲᠥᠯᠥᠪᠯᠡᠭᠡ᠂  ᠲᠦᠷᠦᠯ ᠵᠦᠶᠯᠡᠰ ᠤᠨ ᠠᠬᠢᠴᠠ᠂ ᠬᠡᠷ ᠲᠤᠰᠢᠶᠠᠬᠤ ᠴᠠᠭ ᠵᠢᠴᠢ ᠵᠦᠶᠯᠡᠰ ᠢ ᠳᠥᠯᠭᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠪᠠ᠃        ᠵᠠᠩ ᠶᠦᠩ ᠸᠤᠨ ᠬᠡᠯᠡᠬᠦ ᠳᠡᠭᠡᠨ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠬᠦ ᠨᠢ ᠨᠢᠭᠡ ᠵᠦᠶᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠤᠭᠰᠠᠨ ᠤ ᠬᠤᠪᠢ ᠳᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠦᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠨ᠂ ᠢᠨᠵᠧᠨᠧᠷᠢᠩ ᠤᠨ ᠠᠬᠢᠴᠠ ᠶᠢ ᠴᠢᠩᠭ᠎ᠠ ᠠᠩᠬᠠᠷᠴᠤ᠂ ᠠᠬᠢᠴᠠ ᠶᠢᠨ ᠲᠥᠰᠦᠯ ᠢᠶᠠᠨ ᠲᠡᠭᠦᠯᠳᠡᠷᠵᠢᠭᠦᠯᠦᠨ᠂  ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠲᠥᠷᠥ ᠶᠢᠨ ᠪᠣᠳᠣᠯᠭ᠎ᠠ ᠶᠢᠨ ᠵᠠᠷᠴᠢᠮ ᠢ ᠲᠣᠳᠣᠷᠬᠠᠶ ᠪᠣᠯᠭᠠᠵᠤ᠂ ᠵᠢᠯᠣᠭᠤᠳᠤᠨ ᠲᠣᠬᠢᠷᠠᠭᠤᠯᠬᠤ ᠶᠢ ᠴᠢᠩᠭᠠᠳᠬᠠᠨ᠂ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂  ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠶᠳᠪᠦᠷᠢᠯᠡᠬᠦ ᠬᠡᠷᠡᠭᠲᠡᠶ᠃                            ᠵᠢᠷᠤᠭ᠄  ᠭᠦᠸᠧ ᠸᠧᠨ ᠵᠢᠶᠧ                            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2