ᠵᠢᠨᠢᠩ ᠲᠣᠭᠤᠷᠢᠭ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠬᠦ ᠲᠥᠷᠥᠯ ᠵᠦᠶᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/30
705470.jpg
     5 ᠳ᠋ᠤᠭᠠᠷ ᠰᠠᠷ᠎ᠠ ᠶᠢᠨ 28᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠬᠦ ᠲᠥᠷᠥᠯ ᠵᠦᠶᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠮᠠᠨ ᠤ ᠲᠤᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠭᠰᠡᠨ ᠪᠠᠶᠢᠳᠠᠯ ᠪᠠ ᠬᠡᠷᠡᠭ ᠳᠠᠭᠠᠭᠠᠴᠢᠯᠠᠬᠤ ᠲᠥᠷᠥᠯ ᠵᠦᠶᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠰᠠᠭᠤᠳᠠᠯ ᠢ ᠰᠢᠶᠳᠪᠦᠷᠢᠯᠡᠬᠦ ᠲᠥᠰᠦᠯ ᠢ ᠶᠠᠷᠢᠯᠴᠠᠨ ᠰᠤᠳᠤᠯᠵᠤ᠂ ᠲᠠᠷᠠᠭᠠᠴᠢ ᠶᠢᠨ ᠱᠠᠲᠤᠨ ᠤ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃       ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠲᠤ ᠶᠢᠨ ᠲᠠᠨᠢᠯᠲᠠ ᠲᠠᠢ ᠪᠣᠯᠵᠣ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠠᠶᠢᠲᠤᠷ ᠰᠢᠶᠳᠪᠦᠷᠢᠯᠡᠬᠦ ᠶᠢ ᠣᠳᠣᠬᠠᠨ ᠤ ᠠᠷᠠᠳ ᠤᠨ ᠠᠮᠢᠳᠤᠷᠠᠯ ᠤᠨ ᠨᠢᠭᠡᠨ ᠴᠢᠬᠤᠯᠠ ᠢᠨᠵᠧᠨᠧᠷᠢᠩ ᠪᠣᠯᠭᠠᠨ ᠦᠨᠡᠨᠬᠦ ᠴᠢᠩᠭ᠎ᠠ ᠠᠳᠬᠤᠵᠤ᠂ ᠡᠯ᠎ᠡ ᠵᠦᠶᠯ ᠤᠨ ᠠᠵᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠪᠣᠳᠠᠲᠠᠶᠢᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠨᠢᠭᠲᠠ ᠠᠩᠬᠠᠷᠴᠤ᠂ ᠠᠵᠢᠯ ᠤᠨ ᠶᠠᠪᠤᠴᠠ ᠶᠢ ᠨᠠᠷᠢᠯᠢᠬᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠰᠤᠳᠤᠯᠤᠨ ᠮᠠᠭᠠᠳᠯᠠᠵᠤ ᠵᠥᠪᠳᠡᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠤᠯᠠᠨ ᠲᠦᠮᠡᠨ ᠲᠠᠢ ᠪᠦᠲᠦᠮᠵᠢᠲᠡᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠠᠨᠢᠯᠴᠠᠭᠤᠯᠵᠤ᠂ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠤᠯᠠᠨ ᠲᠦᠮᠡᠨ ᠤ ᠣᠶᠢᠯᠠᠭᠠᠯᠲᠠ ᠪᠠ ᠵᠥᠪᠰᠢᠶᠡᠷᠡᠯ ᠢ ᠤᠯᠬᠤ ᠬᠡᠷᠡᠭᠲᠡᠢ᠃        ᠲᠣᠭᠤᠷᠢᠭ ᠤᠨ ᠤᠳᠤᠷᠢᠳᠤᠯᠭ᠎ᠠ ᠳ᠋ᠧᠦ ᠲᠤᠤ ᠷᠠᠨ᠂ ᠵᠠᠩ ᠱᠦᠨ  ᠯᠢ ᠂  ᠶᠤᠤ ᠬᠠᠢ ᠮᠢᠩ᠂ ᠾᠧ ᠷᠦᠨ ᠭᠧᠨ᠂ ᠯᠢ ᠵᠢᠩ᠂ ᠵᠠᠩ ᡁᠢ ᠷᠦᠩ᠂ ᠷᠧᠨ ᠶᠦᠩ ᠱᠧᠩ᠂ ᠸᠠᠩ ᠬᠦᠢ ᠴᠧᠩ᠂ ᠸᠠᠩ ᠯᠢ ᠰᠢᠨ᠂ ᠶᠠᠩ ᠶᠦᠩ᠂ ᠱᠢ ᠭᠤᠸᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                         ᠵᠢᠷᠤᠭ᠄ ᠴᠢᠶᠤᠤ ᠮᠢᠨ                         ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠤᠭᠤᠷᠢᠭ ᠤᠨ ᠵᠠᠰᠠᠭ  ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2