ᠵᠢᠨᠢᠩ ᠲᠣᠭᠤᠷᠢᠭ  ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/6
705470.jpg
     5 ᠰᠠᠷ᠎ᠠ ᠶᠢᠨ 5᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠬᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠦᠬᠦ ᠲᠤᠭᠤᠷᠢᠭ ᠤᠨ ᠡᠯ᠎ᠡ  ᠱᠠᠲᠤ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠤᠯᠠᠨ ᠺᠠᠳ᠋ᠷ ᠤᠯᠠᠨ ᠲᠦᠮᠡᠨ ᠢ ᠳᠠᠶᠢᠴᠢᠯᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠡᠭᠦᠷᠭᠡ ᠪᠠᠨ ᠲᠣᠳᠣᠷᠬᠠᠶᠢᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠭᠦᠳᠦᠨ ᠪᠠᠶᠢᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠵᠢᠨᠢᠩ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠪᠡ᠃       ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃       ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠬᠤᠷᠠᠯ ᠡᠷᠭᠢᠯᠡᠪᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠢᠤᠢ ᠯᠦᠩ᠂  ᠲᠤᠭᠤᠷᠢᠭ ‍ᠤᠨ‌ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂  ᠲᠤᠭᠤᠷᠢᠭ ᠤᠨ ︽ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ︾᠎ ᠶᠢᠨ ᠬᠤᠶᠠᠷ ᠳᠠᠷᠤᠭ᠎ᠠ ᠵᠢᠴᠢ ᠪᠤᠰᠤᠳ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠬᠤᠷᠠᠯ ᠳᠤ ᠣᠷᠣᠯᠴᠠᠵᠠᠶ᠃        ᠵᠠᠩ ᠶᠦᠩ ᠸᠧᠨ᠂ ᠡᠯ᠎ᠡ  ᠱᠠᠲᠤ  ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠡᠪᠬᠡᠮᠡᠯ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ︽ᠬᠤᠶᠠᠷ ᠵᠢᠱᠢᠶ᠎ᠡ ᠦᠵᠡᠭᠦᠯᠬᠦ ᠲᠣᠭᠤᠷᠢᠭ︾᠎ ᠢ ᠡᠭᠦᠳᠦᠨ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠢ ᠶᠡᠭᠡ ᠪᠠᠷ ᠥᠷᠨᠢᠭᠦᠯᠬᠦ ᠪᠠᠶᠢᠴᠠᠭᠠᠨ ᠰᠤᠳᠤᠯᠤᠯᠲᠠ ᠲᠠᠢ ᠤᠶᠠᠯᠳᠤᠭᠤᠯᠵᠤ᠂ ︽ᠰᠡᠳᠬᠢᠬᠦᠶ ᠶᠢ ᠣᠶᠢᠯᠠᠭᠠᠬᠤ︾᠎ ᠪᠠᠷ ᠡᠭᠦᠳᠦᠨ ᠪᠠᠶᠢᠭᠤᠯᠬᠤ ᠶᠢ ᠨᠥᠯᠥᠭᠡᠯᠡᠵᠦ ᠪᠠᠶᠢᠭ᠎ᠠ ᠬᠦᠴᠢᠷᠳᠡᠯ ᠪᠠ ᠬᠦᠴᠢᠷ ᠠᠰᠠᠭᠤᠳᠠᠯ ᠢ ᠪᠥᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ᠃ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠷᠢᠮᠲᠠᠯᠠᠵᠤ᠂ ᠡᠳᠦᠷ ᠲᠤᠳᠤᠮ ᠤᠨ ᠠᠵᠢᠯ ᠳᠠᠭᠠᠨ ᠬᠦᠴᠦ ᠣᠷᠣᠭᠤᠯᠵᠤ᠂ ᠡᠩ ᠤᠨ ᠴᠠᠭ ᠲᠠᠭᠠᠨ ᠠᠳᠬᠤᠵᠤ᠂ ︽ᠰᠢᠯᠭᠠᠯᠲᠠ ᠠᠴᠠ ᠡᠮᠦᠨ᠎ᠡ ᠭᠠᠪᠰᠢᠭᠠᠶᠢᠯᠠᠬᠤ︾᠎ ᠠᠴᠠ ᠵᠠᠶᠢᠯᠠᠰᠬᠢᠬᠦ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠤᠨ ᠰᠢᠮᠳᠠᠭᠤᠯᠤᠨ ᠪᠠᠶᠢᠴᠠᠭᠠᠬᠤ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠡᠨᠬᠦ ᠰᠢᠮᠳᠠᠭᠤᠯᠤᠨ ᠪᠣᠳᠠᠲᠠᠶ ᠰᠢᠯᠭᠠᠬᠤ ᠬᠡᠷᠡᠭᠲᠡᠶ᠃ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠣᠷᠣᠯᠴᠠᠬᠤ᠂ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠲᠦᠮᠡᠨ ᠤ ᠡᠭᠦᠳᠦᠨ ᠪᠠᠶᠢᠭᠤᠯᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠶᠴᠡᠳ ᠳᠠᠶᠢᠴᠢᠯᠠᠨ᠂ ᠥᠷᠭᠡᠨ ᠣᠯᠠᠨ ᠲᠦᠮᠡᠨ ᠤ ᠡᠭᠦᠳᠦᠨ ᠪᠠᠶᠢᠭᠤᠯᠬᠤ ᠠᠵᠢᠯ ᠳᠤ ᠣᠷᠣᠯᠴᠠᠬᠤ ᠶᠢ ᠤᠬᠠᠮᠰᠠᠷ ᠠᠴᠠ ᠪᠠᠨ ᠳᠡᠮᠵᠢᠬᠦ ᠶᠢ ᠬᠥᠲᠥᠯᠦᠨ ᠵᠢᠯᠣᠭᠤᠳᠬᠤ ᠬᠡᠷᠡᠭᠲᠡᠶ᠃ᠰᠢᠤᠢ  ᠹᠸᠡᠭ᠂ ᠶᠠᠩ ᠶᠦᠩ ᠲᠣᠰ ᠲᠣᠰ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠰᠢᠯᠭᠠᠨ ᠦᠨᠡᠯᠡᠬᠦ ᠭᠦᠶᠴᠡᠳᠬᠡᠯ ᠲᠤᠭ᠎ᠠ︾ ︽ᠵᠢᠨᠢᠩ ᠲᠣᠭᠤᠷᠢᠭ ᠤᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾᠎ ᠳᠤ ᠲᠠᠶᠢᠯᠤᠮᠵᠢ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃       ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂  ᠨᠢᠭᠡᠴᠢ ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠵᠢᠴᠢ ᠡᠯ᠎ᠡ ᠵᠢᠱᠢᠶ᠎ᠡ ᠦᠵᠡᠭᠦᠯᠬᠦ ᠴᠡᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                      ᠵᠢᠷᠤᠭ᠄ ᠴᠢᠶᠤᠤ ᠮᠢᠨ                      ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2