| ᠮᠣᠩᠭᠤᠯ ᠦᠨᠳᠦᠰᠦᠳᠡᠨ ᠤ ᠬᠤᠪᠴᠠᠰᠤ ᠵᠠᠰᠠᠯ ᠨᠢ ᠮᠠᠨ ᠤ ᠤᠯᠤᠰ ᠲᠤ ᠭᠤᠣᠯᠳᠠᠭᠤ ᠥᠪᠥᠷ | ᠮᠣᠩᠭᠤᠯ ᠤᠨᠥᠪᠡᠷᠲᠡᠭᠡᠨ ᠵᠠᠰᠠᠬᠤ ᠣᠷᠣᠨ ᠬᠢᠬᠡᠳ ᠬᠠᠷᠠᠮᠥ᠋ᠷᠡᠨ᠂ ᠬᠢᠷᠢᠨ᠂ ᠯᠢᠶᠣᠤᠨᠢᠩ᠂ ᠰᠢᠨᠵᠢᠶᠠᠩ᠂ ᠭᠠᠨᠰᠦ᠂ | ᠬᠥᠬᠡᠨᠠᠭᠤᠷ᠂ ᠶᠦᠨᠨᠠᠨᠵᠡᠷᠭᠡ ᠮᠤᠵᠢ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠦᠨᠳᠦᠰᠦᠲᠡᠨ ᠲᠥᠪᠯᠡᠷᠡᠨ | ᠰᠠᠭᠤᠵᠦ ᠪᠠᠶᠢᠭ᠎ᠠ ᠣᠷᠣᠨ ᠳ᠋ᠤ᠋ᠲ᠋ᠠᠷᠬᠠᠵᠤ ᠪᠠᠶᠢᠳᠠᠭ︔ ᠤᠯᠤᠰ ᠤᠨ ᠭᠠᠳᠠᠭᠠᠳᠤ ᠳᠤ ᠭᠤᠣᠯᠳᠠᠭᠤ ᠮᠣᠩᠭᠤᠯ ᠤᠯᠤᠰ | ᠵᠢᠴᠢ ᠣᠷᠣᠰ ᠤᠨ ᠪᠤᠷᠢᠶᠠᠳ ᠪᠦᠭᠦᠳᠡ ᠨᠠᠶᠢᠷᠠᠮᠳᠠᠬᠤ ᠤᠯᠤᠰ᠂ ᠪᠦᠭᠦᠳᠡ ᠨᠠᠶᠢᠷᠠᠮᠳᠠᠬᠤ ᠬᠠᠯᠢᠮᠠᠭ ᠤᠯᠤᠰ ᠪᠣᠯᠤᠨ | ᠲᠦᠸᠠ ᠵᠡᠷᠭᠡ ᠮᠣᠩᠭᠤᠯ ᠦᠨᠳᠦᠰᠦᠲᠡᠨ ᠤ ᠲᠤᠳᠤᠷᠠᠲ᠋ᠠᠷᠬᠠᠵᠤ ᠪᠠᠶᠢᠳᠠᠭ᠃ ᠮᠣᠩᠭᠤᠯ ᠦᠨᠳᠦᠰᠦᠳᠡᠨ ᠤ | ᠬᠤᠪᠴᠠᠰᠤ ᠵᠠᠰᠠᠯ ᠪᠣᠯ ᠮᠠᠨ ᠤ ᠤᠯᠤᠰ ᠤᠨ ᠤᠮᠠᠷᠠᠲᠤ ᠶᠢᠨ ᠨᠡᠭᠦᠳᠡᠯᠴᠢᠨᠦᠨᠳᠦᠰᠦᠲᠡᠨ ᠤ ᠬᠤᠪᠴᠠᠰᠤ | ᠵᠠᠰᠠᠯ ᠤᠨ ᠳᠣᠲᠣᠷᠠᠬᠢ ᠬᠠᠮᠤᠭ ᠤᠨ ᠲᠥᠯᠥᠭᠡᠯᠡᠬᠦ ᠴᠢᠨᠠᠷ ᠲᠠᠢ ᠬᠤᠪᠴᠠᠰᠤ ᠵᠠᠰᠠᠯ ᠤᠨ ᠨᠢᠭᠡ ᠪᠣᠯᠤᠨ᠎ᠠ᠂ | ᠮᠣᠩᠭᠤᠯ ᠶᠤᠸᠠᠨ ᠤᠯᠤᠰ ᠤᠨ ᠦᠶ᠎ᠡ ᠳᠤ ᠮᠣᠩᠭᠤᠯ ᠬᠤᠪᠴᠠᠰᠤ ᠵᠠᠰᠠᠯ ᠤᠷᠢᠳ ᠡᠮᠦᠨ᠎ᠡ ᠭᠠᠷᠤᠭ᠎ᠠ | ᠦᠭᠡᠢᠬᠦ᠋ᠭᠵᠢᠵᠡᠢ᠃ ᠨᠡᠶᠢᠭᠡᠮ ᠤᠯᠤᠰ ᠲᠦᠷᠦ ᠶᠢᠨ ᠲᠠᠰᠤᠷᠠᠯᠳᠠ ᠦᠭᠡᠢ ᠤᠯᠠᠷᠢᠨ ᠬᠤᠪᠢᠷᠠᠬᠤ ᠶᠢ | ᠲᠠᠭᠠᠯᠳᠤᠨ᠂ ᠮᠣᠩᠭᠤᠯ ᠦᠨᠳᠦᠰᠦᠲᠡᠨ ᠤ ᠡᠯ᠎ᠡ ᠠᠶᠢᠮᠠᠭ ᠤᠭᠰᠠᠭ᠎ᠠ ᠶᠢᠨ ᠬᠢᠨ ᠪᠡᠶ᠎ᠡ ᠪᠠᠨ ᠲᠠᠭᠠᠭᠠᠨ ᠬᠥᠭᠵᠢᠬᠦ | ᠣᠷᠣᠨ ᠵᠠᠢ ᠲᠠᠢ ᠪᠤᠯᠬᠤ ᠵᠢᠨᠤᠯᠠᠮ ᠢᠶᠠᠷ ᠮᠣᠩᠭᠤᠯ ᠦᠨᠳᠦᠰᠦᠳᠡᠨ ᠤ ᠬᠤᠪᠴᠠᠰᠤ ᠵᠠᠰᠠᠯ ᠤᠨ ᠲᠦᠷᠦᠯ | ᠬᠡᠯᠪᠡᠷᠢ ᠪᠣᠯᠤᠨ ᠲᠦᠷᠦᠯ ᠵᠦᠢᠯ ᠲᠠᠰᠤᠷᠠᠯᠳᠠᠦᠭᠡᠢ ᠨᠡᠮᠡᠭᠳᠡᠵᠦ᠂ ᠠᠶᠢᠮᠠᠭ ᠤᠭᠰᠠᠭ᠎ᠠ ᠶᠢᠨ ᠬᠤᠭᠤᠷᠣᠨᠳᠣᠬᠢ | ᠬᠤᠪᠴᠠᠰᠤ ᠵᠠᠰᠠᠯ ᠤᠨ ᠰᠣᠶᠣᠯ ᠳᠤ ᠴᠤ ᠬᠤᠪᠢᠷᠠᠯᠲᠠ ᠭᠠᠷᠴᠤ᠂ ᠮᠣᠩᠭᠤᠯ ᠦᠨᠳᠦᠰᠦᠲᠡᠨ ᠤ ᠠᠳᠠᠯᠢ ᠪᠤᠰᠤ | ᠠᠶᠢᠮᠠᠭ ᠤᠭᠰᠠᠭ᠎ᠠ ᠶᠢᠨ ᠬᠤᠪᠴᠠᠰᠤ ᠵᠠᠰᠠᠯ ᠤᠨ ᠥᠪᠡᠷᠮᠢᠴᠡ ᠣᠨᠴᠠᠯᠢᠭ ᠢ ᠪᠦᠷᠢᠯᠳᠦᠭᠦᠯᠵᠦ᠂ ᠤᠳᠤ | ᠪᠣᠯᠲᠠᠯ᠎ᠠ ᠤᠯᠠᠮᠵᠢᠯᠠᠭᠳᠠᠭᠰᠠᠭᠠᠷ ᠪᠠᠶᠢᠨ᠎ᠠ᠃ ᠮᠣᠩᠭᠤᠯ ᠡᠯ᠎ᠡ ᠠᠶᠢᠮᠠᠭ ᠤᠭᠰᠠᠭ᠎ᠠ ᠶᠢᠨ ᠬᠤᠪᠴᠠᠰᠤ ᠵᠠᠰᠠᠯ ᠨᠢ | ᠡᠷᠡᠭᠲᠡᠢ ᠡᠮᠡᠭᠲᠡᠢ ᠨᠠᠰᠤᠳᠠᠶᠢᠴᠤᠳ ᠨᠢᠯᠬᠠᠰ ᠤᠨᠬᠤᠪᠴᠠᠰᠤ ᠵᠠᠰᠠᠯ᠂ ᠤᠷᠤᠬᠯᠠᠬᠰᠠᠨ ᠪᠠ ᠤᠷᠤᠭᠯᠠᠭᠠᠳᠤᠢ | ᠬᠦᠮᠦᠨ ᠤ ᠬᠤᠪᠴᠠᠰᠤ ᠵᠠᠰᠠᠯ᠂ ᠲᠥᠷᠪᠡᠨ ᠤᠯᠠᠷᠢᠯ ᠤᠨ ᠬᠤᠪᠴᠠᠰᠤ ᠵᠠᠰᠠᠯ᠂ ᠶᠣᠰᠣᠯᠠᠯ ᠤᠨ ᠬᠤᠪᠴᠠᠰᠤ ᠵᠠᠰᠠᠯ᠂ | ᠡᠳᠦᠷ ᠲᠤᠳᠤᠮ ᠤᠨ ᠬᠤᠪᠴᠠᠰᠤ ᠵᠠᠰᠠᠯ ᠵᠡᠷᠭᠡ ᠶᠢᠨ ᠢᠯᠭᠠᠭ᠎ᠠ ᠲᠠᠢ ᠪᠠᠶᠢᠳᠠᠭ᠃ᠮᠣᠩᠭᠤᠯᠴᠤᠳ ᠤᠷᠲᠤ | ᠬᠤᠭᠤᠴᠠᠭ᠎ᠠ ᠪᠠᠷ ᠪᠣᠭᠤᠮᠲᠠ ᠶᠢᠨ ᠭᠠᠳᠠᠨᠠᠬᠢ ᠲᠠᠯ᠎ᠠ ᠨᠤᠲᠤᠭ᠂ ᠲᠡᠰᠬᠢᠮ᠎ᠡ ᠬᠦᠢᠲᠡᠨ ᠥᠨᠳᠦᠷᠯᠢᠭ ᠤᠨᠠᠭᠤᠷ | ᠠᠮᠢᠰᠬᠤᠯ ᠲᠠᠢ ᠤᠷᠴᠢᠨ ᠳᠤ ᠠᠮᠢᠳᠤᠷᠠᠵᠤ ᠪᠠᠶᠢᠭᠰᠠᠨ ᠤ ᠳᠡᠭᠡᠷ᠎ᠡ ᠨᠡᠭᠦᠳᠡᠯᠯᠡᠨ ᠮᠠᠯᠯᠠᠬᠤ ᠪᠠᠷ ᠭᠤᠣᠯ | ᠪᠣᠯᠭᠠᠵᠤ᠂ ᠨᠡᠯᠢᠶᠡᠳ ᠤᠷᠲᠤ ᠴᠠᠭ ᠢᠶᠠᠷ ᠮᠤᠷᠢ ᠤᠨᠤᠵᠤ ᠮᠠᠯ ᠮᠠᠯᠵᠢᠵᠦ ᠪᠠᠶᠢᠭᠰᠠᠨ ᠪᠣᠯᠬᠤᠷ ᠬᠤᠪᠴᠠᠰᠤ ᠵᠠᠰᠠᠯ | ᠢᠶᠠᠨ ᠵᠠᠪᠠᠯ ᠬᠦᠢᠲᠡᠨ ᠳᠤ ᠲᠠᠭᠠᠭᠠᠴᠠ ᠲᠠᠢ ᠮᠠᠲ᠋ᠧᠷᠢᠶᠠᠯ ᠢᠶᠠᠷ ᠬᠢᠵᠦ ᠪᠠᠶᠢᠬᠰᠠᠨ ᠪᠥᠭᠡᠳ ᠮᠤᠷᠢ ᠤᠨᠤᠬᠤ ᠳᠤ | ᠳᠥᠭᠦᠮ᠂ ᠤᠷᠲᠤ ᠳᠡᠪᠡᠯ᠂ ᠬᠠᠨᠵᠢᠶᠠᠷ᠂ᠠᠷᠠᠰᠤᠨ ᠮᠠᠯᠠᠭᠠᠢ᠂ ᠠᠷᠠᠰᠤᠨ ᠭᠤᠲᠤᠯ ᠢᠶᠠᠷ ᠭᠤᠣᠯ ᠪᠣᠯᠭᠠᠵᠦ | ᠪᠠᠶᠢᠬᠰᠠᠨ ᠪᠣᠯᠬᠤᠷ ᠦᠳᠭᠡᠨ ᠵᠤᠵᠠᠭᠠᠨ ᠲᠠᠯ᠎ᠠ ᠨᠤᠲᠤᠭ ᠤᠨᠬᠡᠪ ᠨᠠᠮᠪᠠ ᠶᠢ ᠪᠦᠷᠢᠯᠳᠦᠬᠦᠯᠦᠭᠰᠡᠨ ᠪᠠᠶᠢᠳᠠᠭ᠃ | ᠡᠮᠡᠭᠲᠡᠶᠢᠴᠦᠳ ᠤᠨ ᠲᠣᠯᠣᠭᠠᠢ ᠶᠢᠨ ᠵᠠᠰᠠᠯ ᠢ ᠣᠯᠠᠩᠬᠢ ᠳᠤ ᠪᠠᠨ ᠰᠤᠪᠤᠳᠡᠷᠳᠡᠨᠢ᠂ ᠠᠯᠲᠠ ᠮᠥᠩᠭᠦᠨ ᠬᠠᠰ | ᠡᠳ᠋ᠯᠡᠯ ᠢᠶᠠᠷ ᠬᠢᠵᠦ᠂ ᠥᠩᠭᠡ ᠢᠯᠭᠠᠷᠠᠮ᠎ᠠ ᠲᠠᠩᠰᠤᠭ ᠰᠠᠶᠢᠬᠠᠨ ᠪᠠᠶᠢᠳᠠᠭ᠃ ᠬᠤᠪᠴᠠᠰᠤ ᠬᠤᠨᠠᠷ ᠤᠨ ᠶᠠᠩᠵᠤ | ᠬᠡᠯᠪᠡᠷᠢ ᠠᠴᠠ ᠨᠢ ᠦᠵᠡᠪᠡᠯ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠨᠢ ᠭᠤᠶᠣᠮᠰᠤᠭ ᠰᠠᠶᠢᠬᠠᠨ᠂ᠬᠡᠭᠡᠨᠴᠢᠷ | ᠡᠷᠬᠢᠮᠰᠦᠭ ᠪᠠᠶᠢᠵᠤ᠂ ᠮᠣᠩᠭᠤᠯ ᠦᠨᠳᠦᠰᠦᠲᠡᠨ ᠤ ᠡᠮᠡᠭᠲᠡᠶᠢᠴᠦᠳ ᠤᠨ ᠪᠡᠶ᠎ᠡ ᠭᠠᠯᠪᠢᠷ ᠤᠨ ᠭᠤᠸ᠎ᠠ | ᠰᠠᠶᠢᠬᠠᠨ ᠢᠢᠯᠡᠷᠡᠭᠦᠯᠤᠭ᠍ᠰᠡᠨ ᠮᠥᠷᠲᠡᠭᠡᠨ ᠮᠠᠯᠴᠢᠳ ᠤᠨ ᠡᠷᠡᠯᠬᠡᠭ ᠪᠠᠭᠠᠲᠤᠷᠯᠢᠭ᠂ ᠠᠭᠤᠳᠠᠮᠴᠢ ᠪᠠᠭᠲᠠᠭᠠᠮᠵᠢᠲᠠᠶ᠂ | ᠣᠮᠣᠭᠯᠠᠩ ᠰᠢᠯᠤᠭᠤᠨ ᠵᠠᠩᠠᠷᠠᠨᠰᠢᠨ ᠢ ᠴᠤ ᠢᠯᠡᠷᠡᠭᠦᠯᠤᠭ᠍ᠰᠡᠨ ᠪᠠᠶᠢᠨ᠎ᠠ᠃ ᠡᠭᠦᠨ ᠳᠤ᠂ ᠱᠠᠰᠢᠨ ᠤ ᠬᠤᠪᠴᠠᠰᠤ ᠵᠠᠰᠠᠯ | ᠪᠠ ᠮᠣᠩᠭᠤᠯ ᠦᠨᠳᠦᠰᠦᠲᠡᠨ ᠤ ᠪᠥᠬᠡ ᠶᠢᠨ ᠬᠤᠪᠴᠠᠰᠤ ᠨᠢ ᠪᠠᠰᠠ ᠥᠪᠡᠷ ᠥᠪᠡᠷ ᠤᠨ ᠣᠨᠴᠠᠯᠢᠭ ᠪᠠ | ᠬᠡᠷᠡᠭᠴᠡᠭᠡ ᠲᠠᠢ ᠪᠠᠶᠢᠳᠠᠭ᠃ | ᠥᠪᠥᠷ ᠮᠣᠩᠭᠤᠯ ᠤᠨ ᠮᠣᠩᠭᠤᠯ ᠦᠨᠳᠦᠰᠦᠲᠡᠨ ᠤ 28 ᠠᠶᠢᠮᠠᠭ ᠤᠭᠰᠠᠭ᠎ᠠ ᠶᠢᠨ ᠬᠤᠪᠴᠠᠰᠤ ᠵᠠᠰᠠᠯ ᠢ ᠲᠠ | ᠮᠡᠳᠡᠬᠦ ᠦᠦ︖ | ᠮᠣᠩᠭᠤᠯ ᠬᠤᠪᠴᠠᠰᠤ ᠵᠠᠰᠠᠯ ᠪᠣᠯ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ | ᠴᠢᠬᠤᠯᠠᠵᠦ᠋ᠢᠯᠡᠰ ᠮᠥᠨ᠂ ᠪᠠᠰᠠ ᠴᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠣᠬᠢ | ᠰᠣᠳᠣ ᠶᠢᠨ ᠨᠢᠭᠡ ᠮᠥᠨ᠂ ᠡᠯᠪᠡᠭ ᠪᠠᠶᠠᠯᠢᠭ ᠴᠢᠨᠠᠷ ᠪᠠ ᠣᠯᠠᠨ ᠶᠠᠩᠵᠤᠲᠤ ᠴᠢᠨᠠᠷ ᠲᠠᠢ ᠪᠠᠶᠢᠳᠠᠭ᠃ ᠥᠪᠥᠷ | ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ ᠪᠤᠯᠬᠤᠷ ᠮᠣᠩᠭᠤᠯ ᠦᠨᠳᠦᠰᠦᠲᠡᠨ ᠤ ᠠᠶᠢᠮᠠᠭ ᠤᠭᠰᠠᠭ᠎ᠠ ᠨᠢ | ᠠᠳᠠᠯᠢ ᠪᠤᠰᠤ ᠠᠶᠢᠮᠠᠭ ᠬᠤᠲᠠ᠂ ᠬᠤᠰᠢᠭᠤ ᠰᠢᠶᠠᠨ ᠳᠤ ᠲᠠᠷᠬᠠᠨ ᠰᠠᠭᠤᠵᠤ ᠪᠠᠶᠢᠬᠤ ᠪᠦᠭᠡᠳ ᠪᠠᠶᠢᠭᠠᠯᠢ ᠶᠢᠨ | ᠣᠷᠴᠢᠨ ᠲᠣᠭᠤᠷᠢᠨ᠂ ᠠᠵᠤ ᠠᠬᠤᠶ ᠶᠢᠨ ᠪᠠᠶᠢᠳᠠᠯ᠂ ᠠᠮᠢᠳᠤᠷᠠᠯ ᠤᠨ ᠵᠠᠩᠲ᠋ᠠᠳᠬᠠᠯ ᠤᠨ ᠠᠳᠠᠯᠢ ᠪᠤᠰᠤ ᠠᠴᠠ ᠪᠣᠯᠵᠣ᠂ | ᠲᠣᠰ ᠲᠣᠰ ᠤᠨ ᠣᠨᠴᠠᠯᠢᠭ ᠲᠠᠢ᠂ ᠪᠠᠶᠠᠯᠢᠭ ᠰᠠᠶᠢᠬᠠᠨ ᠬᠤᠪᠴᠠᠰᠤ ᠵᠠᠰᠠᠯ ᠲᠠᠢᠪᠣᠯᠵᠠᠶ᠃ ᠵᠠᠷᠢᠮ ᠨᠢ ᠡᠷᠲᠡᠨ ᠤ | ᠮᠣᠩᠭᠤᠯᠴᠤᠳ ᠤᠨ ᠬᠤᠪᠴᠠᠰᠤ ᠵᠠᠰᠠᠯ ᠤᠨ ᠣᠨᠴᠠᠯᠢᠭ ᠢ ᠬᠠᠳᠠᠭᠠᠯᠠᠵᠤ᠂ ᠵᠠᠷᠢᠮ ᠨᠢ ᠤᠯᠠᠨᠡᠰᠢᠲᠦ ᠬᠡᠪ | ᠨᠠᠮᠪᠠ ᠶᠢ ᠰᠢᠩᠭᠡᠭᠡᠨ ᠠᠪᠴᠤ ᠲᠠᠰᠤᠷᠠᠯᠳᠠ ᠥᠭᠡᠢ ᠥᠭᠡᠷᠡᠴᠢᠯᠡᠨ ᠰᠠᠶᠢᠵᠢᠷᠠᠭᠤᠯᠤᠭᠰᠠᠨ ᠪᠠᠶᠢᠨ᠎ᠠ᠃ ᠥᠪᠥᠷ | ᠮᠣᠩᠭᠤᠯ ᠤᠨ ᠦᠨᠳᠦᠰᠦᠲᠡᠨ ᠤ ᠬᠤᠪᠴᠠᠰᠤ ᠵᠠᠰᠠᠯ ᠨᠢ ᠦᠨᠢᠷ ᠪᠠᠶᠠᠯᠢᠭ ᠭᠦᠨ ᠨᠠᠷᠢᠯᠢᠭ᠂ ᠰᠦᠷ ᠵᠢᠪᠬᠤᠭ᠎ᠠ | ᠲᠡᠭᠦᠯᠳᠡᠷ ᠪᠠᠶᠢᠵᠤ᠂ ᠨᠡᠭᠦᠳᠡᠯ ᠮᠠᠯᠵᠢᠯ ᠤᠨ ᠦᠨᠳᠦᠰᠦᠲᠡᠨ ᠤ ᠥᠪᠡᠷᠮᠢᠴᠡ ᠭᠤᠸ᠎ᠠ ᠰᠠᠶᠢᠬᠠᠨ ᠪᠤᠳᠤᠯ ᠰᠠᠨᠠᠭ᠎ᠠ ᠪᠠ | ᠭᠤᠸ᠎ᠠ ᠰᠠᠶᠢᠬᠠᠨ ᠤ ᠬᠥᠭᠡᠭᠡᠴᠡᠯᠳᠦᠯ ᠢ ᠠᠴᠢᠶᠠᠯᠠᠬᠰᠠᠨ᠂ ᠮᠣᠩᠭᠤᠯ ᠦᠨᠳᠦᠰᠦᠲᠡᠨ ᠤ ᠠᠷᠠᠳ ᠲᠦᠮᠡᠨ ᠤ ᠣᠷᠳᠣ | ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠦᠢᠯᠡᠳᠦᠯᠭᠡ ᠳᠤᠮᠳᠠ ᠪᠠᠨ ᠡᠭᠦᠳᠦᠨ ᠪᠦᠲᠦᠭᠡᠭᠰᠡᠨ | ᠤᠷᠠᠯᠢᠭ ᠤᠨ ᠦᠷ᠎ᠡ ᠪᠦᠲᠦᠭᠡᠯ ᠪᠣᠯᠬᠤ ᠶᠤᠮ᠃ | ᠥᠪᠥᠷ ᠮᠣᠩᠭᠤᠯ ᠳᠤ ᠣᠲᠣ ᠮᠣᠩᠭᠤᠯ ᠦᠨᠳᠦᠰᠦᠲᠡᠨ ᠤ 28 ᠠᠶᠢᠮᠠᠭ ᠤᠬᠰᠠᠭ᠎ᠠ ᠶᠢᠨ ᠬᠤᠪᠴᠠᠰᠤ ᠵᠠᠰᠠᠯ | ᠪᠤᠢ᠂ ᠲᠡᠷᠡ ᠨᠢ ᠲᠤᠰ ᠲᠤᠰ᠄ ᠣᠩᠨᠢᠭᠤᠳ᠂ ᠴᠠᠬᠠᠷ᠂ ᠤᠷᠠᠳ᠂ ᠬᠤᠱᠤᠳ᠂ ᠠᠪᠠᠭ᠎ᠠ᠂ ᠵᠠᠯᠠᠶᠢᠳ᠂ ᠪᠤᠷᠢᠶᠠᠳ᠂ | ᠬᠡᠰᠢᠭᠲᠡᠨ᠂ ᠣᠷᠳᠣᠰ᠂ ᠠᠤᠬᠠᠨ᠂ ᠲᠦᠷᠪᠡᠳ᠂ ᠬᠠᠷᠠᠴᠢᠨ᠂ ᠪᠠᠭᠠᠷᠢᠨ᠂ ᠠᠯᠠᠱᠠ ᠶᠢᠨ ᠢᠰᠯᠠᠮ ᠮᠤᠩᠭᠤᠯᠴᠤᠳ᠂ | ᠨᠠᠢᠮᠠᠨ᠂ ᠳᠠᠷᠬᠠᠨ᠂ᠬᠤᠷᠴᠢᠨ᠂ ᠮᠤᠤᠮᠢᠩᠭᠠᠨ᠂ ᠲᠦᠮᠡᠳ᠂ ᠥᠭᠡᠯᠡᠳ᠂ ᠵᠠᠷᠤᠳ᠂ ᠪᠠᠷᠭᠤ᠂ ᠬᠠᠯᠬ᠎ᠠ᠂ ᠬᠠᠭᠤᠴᠢᠳ᠂ | ᠰᠥᠨᠢᠳ᠂ ᠲᠤᠷᠭᠤᠳ᠂ ᠦᠵᠦᠮᠦᠴᠢᠨ᠂ ᠠᠷᠤ ᠬᠤᠷᠴᠢᠨ ᠪᠣᠯᠤᠨ᠎ᠠ᠃ ᠬᠠᠮᠲᠤ ᠰᠣᠨᠢᠷᠬᠠᠶ᠎ᠠ︕ | |