ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠤᠭᠤᠷᠢᠭ ᠤᠨ ᠬᠤᠷᠢᠶ᠎ᠠ ᠶᠢᠨ 2023 ᠣᠨ ᠤ 14 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/9
705470.jpg
    5 ᠰᠠᠷ᠎ᠠ ᠶᠢᠨ 8᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ 2023 ᠣᠨ ᠤ 14  ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠎ ᠤᠨ ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠨᠠᠶᠢᠳᠠᠪᠤᠷᠢᠵᠢᠭᠤᠯᠬᠤ ᠰᠠᠨᠠᠯ ᠢ ᠳᠤᠷᠠᠳᠴᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ  ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠥᠭᠭᠦᠭᠰᠡᠨ ᠬᠠᠷᠢᠭᠤ ᠵᠠᠬᠢᠳᠠᠯ ᠨᠢ ᠮᠠᠨ ᠤ ᠣᠷᠣᠨ ᠤ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠠᠵᠢᠯ ᠪᠣᠯᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠵᠠᠯᠠᠭᠤᠴᠤᠳ ᠤᠨ ᠬᠥᠭᠵᠢᠯᠲᠡ ᠳᠤ ᠦᠢᠯᠡᠴᠢᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠦᠢᠯᠡᠰ ᠪᠤᠰᠬᠠᠬᠤ ᠨᠡᠪᠴᠢᠭᠦᠯᠬᠦ ᠲᠠᠪᠴᠠᠩ ᠪᠣᠯᠤᠨ ᠵᠠᠯᠠᠭᠤ ᠴᠢᠳᠠᠪᠤᠷᠢᠲᠠᠨ ᠤ ᠬᠥᠮᠥᠷᠭᠡ ᠶᠢ ᠰᠠᠶᠢᠲᠤᠷ ᠠᠰᠢᠭᠯᠠᠨ ᠰᠠᠶᠢᠲᠤᠷ ᠪᠠᠶᠢᠭᠤᠯᠵᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠨᠡᠶᠢᠭᠡᠮ ᠤᠨ ᠪᠦᠳᠦᠬᠡᠨ ᠪᠠᠶᠢᠭᠤᠯᠤᠯᠲᠠ ᠳᠤ ᠬᠦᠴᠦᠨ ᠴᠢᠳᠠᠯ ᠢ ᠨᠡᠮᠡᠭᠳᠡᠭᠦᠯᠬᠦ ᠬᠡᠷᠡᠭᠲᠡᠢ᠃     ᠬᠤᠷᠠᠯ ᠠᠴᠠ 4 ᠰᠠᠷ᠎ᠠ ᠶᠢᠨ 28᠎ ᠤ ᠡᠳᠦᠷ ᠤᠨ ᠲᠥᠪ ᠤᠨ ᠤᠯᠤᠰ ᠲᠦᠷᠦ ᠶᠢᠨ ᠲᠤᠪᠴᠢᠶ᠎ᠠ  ᠶᠢᠨ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠩᠬᠠᠳᠤᠭᠠᠷ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠪᠠᠶᠢᠩᠭᠤ ᠶᠢᠨ  ᠬᠤᠷᠢᠶ᠎ᠠ ᠶᠢᠨ ᠬᠤᠷᠠᠯ᠂ ᠬᠤᠳᠠ ᠶᠢᠨ ᠨᠠᠮ ᠤᠨ  ᠬᠤᠷᠢᠶ᠎ᠠ ᠶᠢᠨ ᠨᠢᠭᠡᠳᠦᠭᠡᠷ ᠤᠯᠠᠷᠢᠯ ᠤᠨ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠵᠢᠴᠢ ᠠᠵᠤ ᠠᠬᠤᠢ ᠶᠢᠨ ᠠᠵᠢᠯᠯᠠᠭᠠᠨ ᠢ ᠲᠤᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃   ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠤᠰᠬᠠᠶ ᠳᠤᠭᠤᠶᠢᠯᠠᠩ ᠤᠨ ᠳᠠᠷᠤᠭ᠎ᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠨ᠂ ᠠᠵᠢᠯ ᠤᠨ ᠠᠬᠢᠴᠠ ᠪᠠᠨ ᠲᠣᠭᠲᠠᠮᠠᠯ ᠬᠤᠭᠤᠴᠠᠭ᠎ᠠ ᠲᠠᠢ ᠪᠠᠷ  ᠪᠦᠷᠢᠳᠬᠡᠵᠦ᠂ ᠠᠰᠠᠭᠤᠳᠠᠯ ᠢ ᠰᠢᠶᠳᠪᠦᠷᠢᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠶᠳᠪᠦᠷᠢᠯᠡᠵᠦ᠂ ︽ᠲᠠᠪᠤᠨ ᠶᠡᠭᠡ ᠡᠭᠦᠷᠭᠡ︾᠎ ᠶᠢᠨ ᠪᠣᠳᠠᠲᠠᠶ ᠶᠠᠪᠤᠭᠳᠠᠵᠤ ᠦᠷ᠎ᠡ ᠪᠦᠲᠦᠮᠵᠢ ᠤᠯᠬᠤ ᠶᠢ ᠦᠨᠡᠨᠬᠦ ᠠᠬᠢᠭᠤᠯᠬᠤ ᠬᠡᠷᠡᠭᠲᠡᠶ᠃ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠢ ᠪᠠᠨ ᠦᠵᠡᠯᠴᠡᠬᠦ᠂ ᠬᠥᠭᠵᠢᠯᠲᠡ ᠪᠠᠨ ᠣᠶᠢᠯᠠᠭᠠᠭᠳᠠᠬᠤᠨ ᠢᠶᠠᠨ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠪᠡᠯᠡ ᠣᠷᠣᠭᠤᠯᠤᠯᠲᠠ ᠶᠢ ᠥᠷᠭᠡᠳᠬᠡᠬᠦ᠂ ᠬᠡᠷᠡᠭᠯᠡᠭᠡ ᠶᠢ ᠠᠬᠢᠭᠤᠯᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠨᠡᠨᠬᠦ ᠪᠦᠲᠦᠮᠵᠢᠲᠡᠢ ᠠᠷᠭ᠎ᠠ ᠬᠡᠮᠵᠢ᠊ ᠡᠶ᠎ᠡ ᠪᠠᠷ ᠠᠵᠤ ᠠᠬᠤᠢ ᠶᠢᠨ ᠬᠥᠭᠵᠢᠯᠲᠡ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠳᠠᠩᠰᠠ ᠪᠠᠶᠢᠭᠤᠯᠤᠨ ᠳᠠᠩᠰᠠᠨ ᠠᠴᠠ ᠬᠠᠰᠤᠵᠤ᠂ ᠪᠦᠬᠦ ᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃    ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠢᠨᠢᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠶᠢ ᠬᠡᠷᠡᠭᠵᠢᠭᠦᠯᠬᠦ ᠲᠥᠰᠦᠯ ︾᠎ ᠢ ᠰᠤᠳᠤᠯᠤᠨ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃              ᠵᠢᠷᠤᠭ᠄ ᠴᠢᠶᠤᠤ ᠮᠢᠨ              ᠤᠷᠴᠢᠭᠤᠯᠤᠭᠴᠢ᠄ ᠲᠤᠶᠠᠭ᠎ᠠ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2